ᠬᠡᠰᠡᠭ ᠮᠤᠵᠢ ᠨᠢ ᠰᠢᠯᠭᠠᠭᠤᠯᠤᠬᠰᠠᠳ ᠤᠨ ᠨᠠᠰᠤ ᠶᠢ 40 ᠨᠠᠰᠤ ᠬᠦᠷᠲᠡᠯ᠎ᠡ ᠤᠷᠲᠤᠳᠬᠠᠪᠠ︕
ᠨᠡᠶᠢᠲᠡᠯᠡᠭᠰᠡᠨ ᠴᠠᠭ᠄
2024/11/13
     2025 ᠣᠨ ᠤ ᠮᠤᠵᠢ ᠶᠢᠨ ᠱᠠᠲᠤᠨ ᠤ ᠪᠠᠶᠢᠭᠤᠯᠭ᠎ᠠ ︵ᠨᠢᠭᠡᠴᠡ︶ ᠶᠢᠨ ᠠᠯᠪᠠᠲᠠᠨ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠶᠠᠭ ᠶᠠᠪᠤᠭᠳᠠᠵᠤ ᠪᠠᠶᠢᠨ᠎ᠠ᠃ ᠵᠠᠭᠤᠴᠢᠯᠠᠭᠤᠷ ᠤᠨ ᠬᠢᠨ ᠤ ᠣᠶᠢᠯᠠᠭᠠᠭᠰᠠᠨ ᠢᠶᠠᠷ᠂ 11 ᠰᠠᠷ᠎ᠠ ᠶᠢᠨ 8 ᠤ ᠡᠳᠦᠷ ᠪᠣᠯᠲᠠᠯ᠎ᠠ᠂ ᠰᠧᠴᠤᠸᠠᠨ᠂ ᠱᠠᠩᠬᠠᠶ᠂ ᠵᠧᠵᠢᠶᠠᠩ᠂ ᠱᠠᠨᠳᠦ᠋ᠩ᠂ ᠲᠢᠶᠠᠨᠵᠢᠨ᠂ ᠵᠢᠶᠠᠩᠰᠦ ᠵᠡᠷᠭᠡ 6 ᠮᠤᠵᠢ ᠣᠷᠣᠨ ᠨᠢ 2025 ᠣᠨ ᠤ ᠮᠤᠵᠢ ᠶᠢᠨ ᠰᠢᠯᠭᠠᠯᠲᠠ ᠶᠢᠨ ᠠᠯᠪᠠᠨ ᠵᠠᠷ ᠨᠡᠶᠢᠲᠡᠯᠡᠵᠦ᠂ ᠲᠣᠰ ᠡᠳᠦᠷ ᠣᠯᠠᠨ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠬᠢᠬᠦ ᠪᠤᠯᠤᠨ᠎ᠠ᠃ ᠲᠣᠰ ᠬᠤᠭᠤᠴᠠᠭᠠᠨ ᠤ ᠮᠤᠵᠢ ᠶᠢᠨ ᠰᠢᠯᠭᠠᠯᠲᠠ ᠳᠤ᠂ ᠮᠠᠰᠢ ᠣᠯᠠᠨ ᠮᠤᠵᠢ ᠣᠷᠣᠨ ᠨᠢ ᠡᠯᠰᠡᠬᠦ ᠲᠥᠯᠥᠪᠯᠡᠭᠡ ᠪᠠᠨ ᠲᠣᠰ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠬᠡᠯᠪᠠᠶᠢᠯᠭᠡᠪᠡ᠃ ᠵᠢᠱᠢᠶᠡᠯᠡᠪᠡᠯ ᠱᠠᠩᠬᠠᠶ ᠬᠤᠲᠠ ᠶᠢᠨ ᠬᠢᠨ᠂ ᠪᠦᠬᠦᠯᠢ 18 ᠨᠠᠰᠤᠨ ᠠᠴᠠ ᠳᠡᠭᠡᠭᠰᠢ᠂ ᠪᠦᠬᠦᠯᠢ 35 ᠨᠠᠰᠤᠨ ᠠᠴᠠ ᠳᠣᠷᠣᠭᠰᠢ ︵1988 ᠣᠨ ᠤ 11 ᠰᠠᠷ᠎ᠠ ᠠᠴᠠ 2006 ᠣᠨ ᠤ 11 ᠰᠠᠷ᠎ᠠ ᠪᠣᠯᠲᠠᠯᠠᠬᠢ ᠬᠤᠭᠤᠴᠠᠭᠠᠨ ᠳᠤ ᠲᠥᠷᠥᠭᠰᠡᠨ︶ ᠨᠠᠰᠤᠨ ᠤ ᠲᠣᠰ ᠬᠤᠭᠤᠴᠠᠭᠠᠨ ᠤ ᠠᠰᠫᠢᠷᠠᠨᠲ᠂ ᠳ᠋ᠣᠺᠲ᠋ᠣᠷᠠᠨᠲ ᠰᠢᠯᠭᠠᠯᠲᠠ ᠳᠤ ᠨᠡᠷ᠎ᠡ ᠮᠡᠳᠡᠭᠦᠯᠦᠭᠰᠡᠨ ᠪᠠᠶᠢᠪᠠᠯ ᠪᠦᠬᠦᠯᠢ 40 ᠨᠠᠰᠤᠨ ᠠᠴᠠ ᠳᠣᠷᠣᠭᠰᠢ ︵1983 ᠣᠨ ᠤ 11 ᠰᠠᠷ᠎ᠠ ᠠᠴᠠ ᠰᠡᠭᠦᠯᠡᠷ ᠲᠥᠷᠥᠭᠰᠡᠨ︶ ᠬᠦᠷᠳᠡᠯ᠎ᠡ ᠤᠷᠳᠤᠳᠬᠠᠨ᠎ᠠ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠢᠰᠲ᠋ᠧᠮ ᠤᠨ ᠲᠤᠰᠬᠠᠢ ᠺᠠᠳ᠋ᠷ ᠤᠨ ᠲᠤᠰᠢᠶᠠᠯ ᠤᠨ ᠪᠠᠶᠢᠷᠢ ᠳᠤ ᠨᠡᠷ᠎ᠡ ᠮᠡᠳᠡᠭᠦᠯᠦᠨ ᠰᠢᠯᠭᠠᠭᠰᠠᠳ ᠢ ᠪᠦᠬᠦᠯᠢ 40 ᠨᠠᠰᠤᠨ ᠠᠴᠠ ᠳᠣᠷᠣᠭᠰᠢ ︵1983 ᠣᠨ ᠤ 11 ᠰᠠᠷ᠎ᠠ ᠠᠴᠠ ᠰᠡᠭᠦᠯᠡᠷ ᠲᠥᠷᠥᠭᠰᠡᠨ︶ ᠬᠦᠷᠳᠡᠯ᠎ᠡ ᠤᠷᠳᠤᠳᠬᠠᠨ᠎ᠠ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号