ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/14
     11 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠦᠬᠠᠢ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠪᠧᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠪᠠ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠣᠷᠭᠠᠨᠢᠭ ᠢᠶᠠᠷ ᠵᠣᠯᠭᠠᠭᠤᠯᠬᠤ᠂ ᠪᠦᠲᠦᠮᠵᠢᠲᠡᠢ ᠪᠠᠷ ᠨᠡᠪᠲᠡᠷᠡᠭᠦᠯᠬᠦ᠂ ᠡᠮᠬᠢ ᠵᠢᠷᠤᠮ ᠲᠠᠢ ᠪᠠᠷ ᠬᠤᠯᠪᠣᠯᠳᠤᠭᠤᠯᠬᠤ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠥᠴᠥᠬᠡᠨ ᠴᠦ ᠰᠤᠯᠠᠷᠠᠭᠤᠯᠤᠯ ᠦᠭᠡᠢ ᠪᠠᠷ ᠪᠠᠲᠤᠳᠬᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠤᠷᠢᠶᠠᠯᠠᠬᠤ ᠬᠦᠴᠦᠨ ᠨᠢᠭᠲᠠᠷᠠᠭᠤᠯᠬᠤ ᠬᠦᠴᠦᠨ ᠨᠥᠯᠥᠭᠡᠯᠡᠬᠦ ᠬᠦᠴᠦᠨ ᠢ ᠬᠦᠴᠦᠯᠡᠨ ᠴᠢᠩᠭᠠᠳᠬᠠᠵᠤ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠦᠨᠳᠦᠰᠦᠨ ᠱᠠᠲᠤᠨ ᠤ ᠵᠠᠰᠠᠯᠲᠠ ᠳᠤ ᠨᠡᠩ ᠰᠠᠶᠢᠨ ᠣᠷᠣᠯᠴᠠᠬᠤ ᠶᠢ ᠬᠥᠲᠥᠯᠥᠨ ᠵᠢᠯᠤᠭᠤᠳᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ‌‍ᠤᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠵᠢᠭᠠᠪᠤᠷᠢ‌‍ᠶᠢᠨ ᠱᠠᠭᠠᠷᠳᠠᠯᠭ᠎ᠠ ᠶᠢ ᠤᠯᠠᠮᠵᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠭᠡᠭᠯᠡᠨ ᠣᠷᠣᠭᠰᠢᠯᠠᠬᠤ ᠪᠠᠶᠢᠳᠠᠯ ᠢᠶᠠᠨ ᠪᠠᠳᠠᠷᠠᠭᠤᠯᠵᠤ᠂ ᠪᠦᠬᠦ ᠵᠢᠯ‌‍ᠦᠨ ᠬᠠᠷᠠᠯᠲᠠ ᠡᠭᠦᠷᠭᠡ ᠲᠠᠢ ᠬᠠᠷᠢᠴᠠᠭᠤᠯᠤᠨ ᠲᠡᠭᠦᠰᠬᠡᠯ‌‍ᠦᠨ ᠳᠠᠶᠢᠯᠠᠯᠳᠤᠭᠠᠨ ᠢ ᠰᠠᠶᠢᠲᠤᠷ ᠬᠢᠵᠦ᠂ ᠬᠠᠮᠤᠭ‌‍ᠤᠨ ᠰᠠᠶᠢᠨ ᠦᠷ᠎ᠡ ᠳ᠋ᠦᠩ ᠢᠶᠠᠷ ᠥᠪᠡᠷᠲᠡᠭᠡᠨ ᠵᠠᠰᠠᠬᠤ ᠣᠷᠣᠨ ᠳᠤ ᠳᠠᠩᠰᠠ ᠲᠤᠰᠢᠶᠠᠬᠤ ᠬᠡᠷᠡᠭᠲᠡᠢ᠃ ᠲᠦᠷᠦᠯ ᠵᠦᠢᠯ‌‍ᠦᠨ ᠨᠥᠭᠡᠴᠡ ᠪᠠᠨ ᠪᠣᠳᠠᠲᠠᠶᠢᠵᠢᠭᠤᠯᠵᠤ᠂ ᠤᠷᠢᠳᠴᠢᠯᠠᠭᠰᠠᠨ ᠬᠡᠮᠵᠢᠶ᠎ᠡ ᠭᠠᠷᠭᠠᠵᠤ᠂ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ 2025 ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠢᠰᠲ᠋ᠧᠮ ᠲᠠᠢ ᠲᠥᠯᠥᠪᠵᠢᠭᠦᠯᠵᠦ᠂ ᠠᠵᠤ ᠠᠬᠤᠢ ᠨᠡᠶᠢᠭᠡᠮ‌‍ᠦᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ︽ᠵᠠᠮ ᠭᠠᠷᠭᠠᠵᠤ ᠥᠭᠬᠦ︾ ᠬᠡᠷᠡᠭᠲᠡᠢ᠃ ᠰᠣᠶᠣᠯ ᠤᠨ ᠪᠠ ᠪᠠᠶᠢᠭᠠᠯᠢ‌‍ᠶᠢᠨ ᠥᠪ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠤᠨ ᠬᠠᠮᠠᠭᠠᠯᠠᠯᠲᠠ ᠪᠠᠨ ᠦᠷᠭᠦᠯᠵᠢᠯᠡᠨ ᠴᠢᠩᠭᠠᠳᠬᠠᠵᠤ᠂ ᠥᠪ‌‍ᠦᠨ ᠬᠠᠮᠠᠭᠠᠯᠠᠯᠲᠠ ᠶᠢᠨ ᠴᠢᠳᠠᠪᠤᠷᠢ ᠪᠠ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号