ᠼᠦᠢ ᠵᠢᠩ ᠶᠢᠩ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠵᠢᠴᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/15
     11 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ᠂ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠳᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠤᠳᠠ ᠲᠣᠭᠤᠷᠢᠭ ᠤᠨ ᠶᠢᠨ ᠬᠤ᠋ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠰᠠᠨ ᠸᠧᠢ BDO ᠵᠢᠴᠢ ᠵᠠᠳᠠᠷᠠᠵᠤ ᠪᠣᠯᠬᠤ ᠰᠦᠯᠢᠶᠣᠣ ᠶᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠡᠯᠧᠮᠧᠨ᠋ᠲ ᠤᠨ ᠪᠠᠲᠤᠯᠠᠭ᠎ᠠ ᠵᠡᠷᠭᠡ ᠲᠠᠯ᠎ᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠪᠣᠯᠤᠨ ᠬᠦᠴᠢᠷᠳᠡᠯ ᠬᠦᠰᠡᠯ ᠱᠠᠭᠠᠷᠳᠠᠯᠭ᠎ᠠ ᠶᠢ ᠨᠢ ᠨᠠᠷᠢᠨ ᠬᠢᠨᠠᠮᠠᠭᠠᠢ ᠰᠣᠨᠣᠰᠴᠤ᠂ ᠪᠦᠳᠦᠭᠡᠨ ᠪᠠᠶᠢᠭᠤᠯᠤᠯᠲᠠ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠲᠦᠭᠵᠢᠷᠡᠯ ᠤᠨ ᠬᠦᠴᠢᠷᠳᠡᠯ ᠢ ᠨᠢ ᠯᠠᠪᠯᠠᠨ ᠠᠰᠠᠭᠤᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠯᠪᠠᠯᠠᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠴᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠡ᠃      ᠼᠦᠢ ᠵᠢᠩ ᠶᠢᠩ ᠴᠢᠬᠤᠯᠠᠴᠢᠯᠠᠭᠰᠠᠨ ᠨᠢ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠲᠥᠪ ᠬᠤᠷᠢᠶ᠎ᠠ ᠠᠴᠠ ᠭᠠᠷᠭᠠᠭᠰᠠᠨ ᠨᠡᠮᠡᠭᠳᠡᠯ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠠᠮᠵᠢᠨ ᠠᠳᠬᠤᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠬᠤᠳᠠᠯᠳᠣᠭᠠᠴᠢᠨ ᠤᠷᠢᠬᠤ ᠶᠢ ᠠᠳᠬᠤᠵᠤ᠂ ᠪᠡᠯᠡ ᠣᠷᠣᠭᠤᠯᠤᠯᠲᠠ ᠪᠠᠨ ᠥᠷᠭᠡᠳᠬᠡᠵᠦ᠂ ᠠᠵᠤ ᠠᠬᠤᠢ ᠶᠢᠨ ᠥᠭᠡᠳᠡᠯᠡᠨ ᠲᠠᠪᠰᠢᠬᠤ᠂ ᠪᠦᠲᠦᠴᠡ ᠪᠠᠨ ᠰᠢᠯᠢᠳᠡᠭᠵᠢᠭᠦᠯᠬᠦ᠂ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠮᠦᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠳᠤᠷᠠᠳᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠨᠠᠶᠢᠳᠠᠪᠤᠷᠢᠵᠢᠭᠤᠯᠵᠤ ᠪᠣᠯᠬᠤ ᠰᠢᠢᠳᠪᠦᠷᠢᠯᠡᠬᠦ ᠲᠥᠰᠦᠯ ᠭᠠᠷᠭᠠᠵᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ︾ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠪᠣᠯᠤᠨ ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ ᠪᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠭᠠᠷᠤᠯᠲᠠ ᠪᠠᠨ ᠲᠣᠭᠲᠠᠪᠤᠷᠢᠵᠢᠭᠤᠯᠤᠨ ᠭᠠᠷᠤᠯᠲᠠ ᠪᠠᠨ ᠨᠡᠮᠡᠭᠳᠡᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠬᠤᠷᠳᠤᠴᠠ ᠪᠠᠨ ᠲᠦᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠬᠦ ᠶᠢᠨ ᠬᠠᠮᠲᠤ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠬᠠᠨᠳᠤᠰᠢ ᠶᠢ ᠵᠠᠳᠠᠯᠤᠨ ᠮᠠᠭᠠᠳᠯᠠᠬᠤ ᠪᠠᠨ ᠰᠠᠶᠢᠲᠤᠷ ᠬᠢᠵᠦ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠡᠯᠬᠢᠶ᠎ᠡ ᠪᠠᠨ ᠨᠥᠬᠦᠪᠥᠷᠢᠯᠡᠨ ᠤᠷᠲᠤᠳᠬᠠᠬᠤ ᠵᠡᠷᠭᠡ ᠠᠵᠢᠯ ᠢᠶᠠᠨ ᠤᠷᠢᠳᠴᠢᠯᠠᠨ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ  ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠪᠠᠷ ᠴᠢᠷᠮᠠᠶᠢᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号