ᠹᠧᠩ ᠰᠢᠤᠸᠠᠢ ᠲᠤᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/11/20
     11 ᠰᠠᠷ᠎ᠠ ᠶᠢᠨ 13 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠪᠦᠯᠬᠦᠮ ᠳᠠᠭᠠᠭᠤᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠠᠶ ᠯᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠹᠧᠩ ᠰᠢᠤᠸᠠᠢ ᠲᠤᠤ ᠨᠠᠷ ᠤᠷᠢᠳ ᠬᠤᠵᠢᠳ ᠤᠳᠠ ᠲᠣᠭᠤᠷᠢᠭ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠥᠪᠥᠷ ᠮᠣᠩᠭᠤᠯ ᠤᠨ ᠵᠢᠶᠦ᠋ᠨ ᠵᠧᠩ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠠᠢ ᠱᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠨᠡᠭᠦᠷᠡᠰᠦᠲᠥ᠋ᠷᠥᠭᠴᠢ ᠪᠠᠷ ᠰᠠᠭᠤᠷᠢ ᠪᠤᠯᠭᠠᠭᠰᠠᠨ ᠭᠤᠤᠯᠳᠤ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ︵ᠦᠬᠠᠢ︶ MPCVD ᠲᠦᠷᠦᠯ ᠵᠦᠢᠯ᠂ ᠦᠬᠠᠢ ᠬᠤᠳᠠ ᠶᠢᠨ ᠭᠤᠸᠠᠩ ᠶᠢᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠥᠪ ᠡᠵᠡᠮᠳᠡᠯ ᠤᠨ ᠲᠠᠰᠤᠭ᠂ ᠰᠤᠳᠤᠯᠤᠨ ᠨᠡᠭᠡᠭᠡᠬᠦ ᠲᠥᠪ ᠵᠢᠴᠢ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠥᠯᠥᠪᠵᠢᠭᠦᠯᠭᠡ ᠵᠢᠷᠤᠭ ᠲᠥᠯᠥᠪᠯᠡᠭᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠹᠧᠩ ᠰᠢᠤᠸᠠᠢ ᠲᠤᠤ ᠬᠡᠯᠡᠭᠰᠡᠨ ᠨᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠰᠠᠭᠤᠳᠠᠯ ᠢ ᠨᠢ ᠰᠢᠰᠲ᠋ᠧᠮ ᠲᠠᠢ ᠡᠮᠬᠢᠯᠡᠵᠦ᠂ ᠵᠦᠢᠯ ᠳᠠᠷᠠᠭᠠᠯᠠᠨ ᠪᠣᠭᠤᠮᠲᠠ ᠰᠢᠪᠲᠤᠯᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠤᠨ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠢᠶᠠᠷ ᠭᠤᠤᠯᠯᠠᠭᠤᠯᠤᠭᠰᠠᠨ ᠠᠵᠤ ᠦᠢᠯᠡᠰ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠶ ᠠᠭᠤᠰᠤᠯᠴᠠᠭᠤᠯᠤᠨ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠬᠤᠪᠢᠷᠠᠭᠤᠯᠬᠤ ᠪᠠ ᠠᠵᠤ ᠦᠶᠢᠯᠡᠰᠵᠢᠭᠦᠯᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠲᠠ ᠶᠢᠨ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠨᠠᠩ ᠶᠡᠭᠡ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠠᠵᠤ ᠠᠬᠤᠶ ᠶᠢᠨ ᠠᠵᠢᠯᠯᠠᠭᠠᠨ ᠢ ᠳᠣᠭᠢᠷᠠᠭᠤᠯᠤᠨ ᠵᠠᠳᠠᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号