ᠰᠢ ᠶᠢᠨ ᠫᠢᠩ ᠶᠡᠷᠦᠩᠬᠡᠶ ᠱᠦᠵᠢ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠨ ᠤ ᠬᠤᠲᠠ ᠶᠢᠨ ᠲᠡᠤᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢ ᠪᠠ | ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ | 20 ᠤ ᠡᠳᠦᠷ᠂ ᠮᠠᠨ ᠤ ᠬᠤᠲᠠ ᠦᠬᠠᠶ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠠᠵᠢᠯ ᠤᠨ ᠪᠣᠯᠪᠠᠰᠤᠷᠠᠯ ᠤᠨ ᠬᠤᠷᠠᠯ ᠡᠷᠭᠢᠯᠡᠪᠡ᠃ ᠬᠤᠲᠠ᠂ ᠲᠣᠭᠤᠷᠢᠭ ᠬᠤᠶᠠᠷ ᠱᠠᠲᠤᠨ ᠤ ᠰᠣᠶᠣᠯ ᠲᠡᠦᠬᠡ ᠶᠢᠨ | ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠪ ᠵᠢᠴᠢ | ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ | ᠠᠵᠢᠯ ᠤᠨ ᠲᠤᠰᠬᠠᠢ ᠪᠠᠭ ᠤᠨ ᠪᠦᠷᠢᠯᠳᠦᠬᠦᠨ ᠵᠡᠷᠭᠡ 40 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠤᠨ ᠳᠡᠳ᠋ ᠳᠠᠷᠤᠭ᠎ᠠ | ᠵᠠᠩ ᠸᠧᠨ ᠫᠢᠩ ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ ᠰᠢᠨ᠎ᠡ ᠴᠠᠭ ᠦᠶ᠎ᠡ ᠶᠢᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠠᠬᠢ ᠵᠢᠯᠣᠭᠤᠳᠬᠤ ᠠᠴᠢ ᠬᠤᠯᠪᠣᠭᠳᠠᠯ ᠢ ᠭᠦᠨᠵᠡᠭᠡᠢ | ᠲᠠᠶᠢᠯᠪᠤᠷᠢᠯᠠᠭᠰᠠᠨ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ | ᠪᠣᠯᠤᠨ ᠲᠤᠯᠭᠠᠮ᠎ᠠ ᠴᠢᠨᠠᠷ ᠢ ᠴᠢᠬᠤᠯᠠᠴᠢᠯᠠᠪᠠ᠃ ᠲᠤᠰᠬᠠᠶ ᠮᠡᠷᠭᠡᠵᠢᠯᠲᠡᠨ ᠵᠢᠭᠠᠵᠤ ᠭᠠᠷᠭᠠᠭᠰᠠᠨ ᠨᠢ᠂ ᠲᠡᠤᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯ ᠲᠡᠦᠬᠡ ᠰᠣᠶᠣᠯ ᠤᠨ ᠤᠯᠠᠮᠵᠢᠯᠠᠯ ᠪᠣᠯᠬᠤ ᠪᠠᠷ ᠪᠠᠷᠠᠬᠤ ᠥᠬᠡᠶ᠂ ᠨᠠᠩ | ᠴᠤ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠤ ᠢᠯᠡᠷᠡᠯ ᠮᠥᠨ᠂ ᠲᠡᠤᠬᠡ ᠶᠢᠨ ᠳᠤᠷᠠᠰᠬᠠᠯᠲᠤ | ᠵᠦᠢᠯᠡᠰ ᠤᠨ ᠠᠵᠢᠯᠲᠠᠳ ᠡᠷᠬᠡᠪᠰᠢ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠲᠠᠯᠠᠵᠤ᠂ | ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ | ᠭᠦᠢᠴᠡᠳᠭᠡᠬᠦ ᠬᠡᠷᠡᠭᠲᠡᠶ ᠭᠡᠵᠡᠢ᠃ | ᠡᠭᠦᠨ ᠠᠴᠠ ᠭᠠᠳᠠᠨ᠎ᠠ᠂ ᠪᠣᠯᠪᠠᠰᠤᠷᠠᠯ ᠤᠨ ᠬᠤᠷᠠᠯ ᠨᠢ ᠪᠠᠰᠠ ᠴᠢᠨ ᠤᠯᠤᠰ ᠤᠨ ᠠᠰᠬᠠᠨ ᠵᠠᠮ ᠤᠨ ᠪᠠᠭᠤᠷᠢ | ᠡᠪᠳᠡᠯᠡᠭᠡ ᠳᠤ ᠤᠴᠠᠷᠠᠭᠰᠠᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠷᠠᠯ ᠳᠤ ᠣᠷᠣᠯᠴᠠᠭᠰᠠᠳ ᠲᠤ | ᠰᠡᠷᠡᠮᠵᠢᠯᠡᠭᠦᠯᠬᠦ ᠬᠥᠮᠦᠵᠢᠯ ᠬᠢᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠲᠦᠭᠡᠮᠡᠯᠵᠢᠭᠦᠯᠦᠯᠲᠡ᠂ | ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠪᠥᠬᠦ | ᠨᠡᠶᠢᠭᠡᠮ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠠᠨᠢᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠳᠡᠢ ᠭᠡᠵᠦ ᠱᠠᠭᠠᠷᠳᠠᠪᠠ᠃ |