【ᠲᠤᠭ᠎ᠠ ᠪᠦᠷᠢᠳᠭᠡᠯ】1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/11/27
     ᠡᠨᠡ ᠵᠢᠯ ᠠᠴᠠ ᠨᠠᠰᠢ᠂ ᠮᠠᠨ ᠤ ᠬᠤᠲᠠ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠪᠡ᠃      ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠵᠢᠯ ᠳᠤ 38 ᠲᠦᠮᠡᠨ ᠲᠣᠨ BDO ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠲᠤ᠂ ᠲᠣᠭᠤᠷᠢᠨ ᠪᠠᠶᠢᠴᠠᠭᠠᠬᠤ ᠠᠵᠢᠯᠴᠢᠨ ᠴᠠᠬᠢᠯᠭᠠᠨ ᠬᠡᠷᠡᠭᠰᠡᠯ᠂ ᠬᠡᠮᠵᠢᠭᠦᠷ ᠵᠡᠷᠭᠡ ᠲᠥᠬᠦᠭᠡᠷᠦᠮᠵᠢ ᠳᠤ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠪᠠ᠃ 1 ᠠᠴᠠ 10 ᠰᠠᠷ᠎ᠠ ᠪᠣᠯᠲᠠᠯ᠎ᠠ᠂ ᠲᠣᠰ ᠺᠣᠮᠫᠠᠨᠢ BDO ᠶᠢ 25 ᠲᠦᠮᠡᠨ ᠲᠣᠨ᠂ GBL ᠶᠢ 5 ᠲᠦᠮᠡᠨ ᠲᠣᠨ᠂ ᠴᠠᠬᠢᠯᠠᠭᠤᠷ ᠴᠢᠯᠠᠭᠤ ᠶᠢ 40 ᠲᠦᠮᠡᠨ ᠲᠣᠨ ᠦᠢᠯᠡᠳᠪᠦᠷᠢᠯᠡᠵᠦ᠂ ᠦᠢᠯᠡᠳᠬᠦᠨ ᠤ ᠥᠷᠲᠡᠭ ᠨᠢ 22 ᠳ᠋ᠦᠩᠰᠢᠭᠤᠷ ᠲᠥᠭᠦᠷᠢᠭ ᠲᠤ ᠬᠦᠷᠪᠡ᠃      ᠠᠳᠠᠯᠢ ᠪᠠᠷ᠂ ᠦᠬᠠᠢ ᠬᠤᠳᠠ ᠶᠢᠨ ᠯᠠᠨ ᠶᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠴᠤ ᠱᠠᠯᠠᠪᠳᠠᠨ ᠦᠢᠯᠡᠳᠪᠦᠷᠢᠯᠡᠵᠦ ᠪᠠᠶᠢᠨ᠎ᠠ᠃ ᠲᠥᠪ ᠡᠵᠡᠮᠰᠢᠯ ᠤᠨ ᠲᠠᠰᠤᠭ ᠲᠤ᠂ ᠵᠢᠵᠢᠭᠦᠷᠯᠡᠭᠴᠢ ᠳᠡᠯᠭᠡᠴᠡ ᠶᠢ ᠴᠢᠩᠭ᠎ᠠ ᠠᠩᠬᠠᠷᠴᠤ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠪᠣᠯᠵᠣᠯᠲᠤ ᠲᠤᠭ᠎ᠠ ᠶᠢ ᠴᠠᠭ ᠲᠤᠬᠠᠢ ᠳᠤᠨᠢ ᠠᠵᠢᠭᠯᠠᠵᠤ᠂ ᠦᠢᠯᠡᠳᠪᠦᠷᠢᠯᠡᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠪᠠ᠃ ᠲᠣᠰ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠬᠤ᠋ ᠰᠢᠶᠤᠤ ᠳ᠋ᠦᠩ᠄ ︽1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠺᠣᠮᠫᠠᠨᠢ ᠠᠴᠠ ᠮᠧᠲ᠋ᠢᠯ ᠬᠦᠬᠦᠷᠲᠦ ᠠᠮᠢᠨ᠂ ᠮᠧᠲ᠋ᠢᠯ ᠬᠦᠬᠦᠷᠲᠦ ᠬᠦᠴᠢᠯ ᠵᠡᠷᠭᠡ ᠡᠮ ᠡᠮᠨᠡᠯᠭᠡ᠂ ᠲᠠᠷᠢᠶᠠᠨ ᠡᠮ ᠤᠨ ᠵᠠᠪᠰᠠᠷ ᠤᠨ ᠴᠣᠭᠴᠠ ᠪᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠪᠠᠷᠤᠭ 1600 ᠲᠣᠨ ᠦᠢᠯᠡᠳᠪᠦᠷᠢᠯᠡᠵᠦ᠂ ᠦᠢᠯᠡᠳᠬᠦᠨ ᠤ ᠶᠡᠷᠦᠩᠬᠡᠶ ᠥᠷᠲᠡᠭ ᠨᠢ 3000 ᠲᠦᠮᠡᠨ ᠲᠥᠭᠦᠷᠢᠭ ᠰᠢᠬᠠᠮ ᠬᠦᠷᠴᠡᠢ︾ ᠬᠡᠵᠢᠦ ᠬᠡᠯᠡᠪᠡ᠃      ᠡᠨᠡ ᠵᠢᠯ᠂ ᠮᠠᠨ ᠤ ᠬᠤᠲᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠳᠠᠷᠤᠯᠲᠠ ᠶᠢ ᠲᠤᠯᠵᠤ᠂ ᠡᠷᠡᠯᠬᠡᠭᠯᠡᠨ ᠲᠡᠮᠡᠴᠡᠵᠦ ᠪᠣᠳᠠᠲᠠᠶ ᠠᠵᠢᠯᠯᠠᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠥᠷᠭᠡᠳᠬᠡᠬᠦ᠂ ᠲᠥᠯᠥᠪᠵᠢᠭᠦᠯᠭᠡ ᠶᠢ ᠴᠢᠬᠤᠯᠠᠴᠢᠯᠠᠬᠤ᠂ ᠬᠡᠷᠡᠭᠯᠡᠭᠡ ᠶᠢ ᠠᠬᠢᠭᠤᠯᠬᠤ᠂ ᠠᠵᠤ ᠦᠢᠯᠡᠰ ᠢ ᠬᠦᠴᠦᠷᠬᠡᠭᠵᠢᠭᠦᠯᠬᠦ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠢᠯᠡᠳᠳᠡ ᠰᠠᠶᠢᠵᠢᠷᠠᠪᠠ᠃      1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.2% ᠢᠶᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号