ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/28
     11 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠯᠢ ᠳ᠋ᠦᠩ᠂ ᠭᠦᠸᠧ ᠢ ᠵᠢᠶᠧ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠵᠧᠦ ᠶᠢᠨ ᠰᠢᠩ ᠬᠤᠳᠠ ᠳᠤ ᠰᠠᠭᠤᠭ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠳᠤ ᠬᠦᠰᠡᠯ ᠱᠠᠭᠠᠷᠳᠠᠯᠭ᠎ᠠ ᠳᠤᠷᠠᠳᠴᠠᠢ᠃ ᠲᠡᠷᠡ ᠬᠡᠯᠡᠭᠰᠡᠨ ᠨᠢ᠂ ᠬᠤᠲᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠦᠢᠯᠡᠴᠢᠯᠡᠭᠡ ᠪᠠᠨ ᠴᠢᠩᠭᠠᠳᠬᠠᠵᠤ᠂ ᠪᠠᠶᠢᠩᠭᠤᠵᠢᠬᠰᠠᠨ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠬᠠᠮᠲᠤ ᠪᠠᠷ ᠪᠠᠶᠢᠭᠤᠯᠵᠤ᠂ ᠬᠠᠷᠢᠯᠴᠠᠨ ᠢᠲᠡᠭᠡᠯᠴᠡᠬᠦ ᠬᠠᠷᠢᠴᠠᠭ᠎ᠠ ᠪᠠᠶᠢᠭᠤᠯᠵᠤ᠂ ᠪᠦᠲᠦᠮᠵᠢᠲᠡᠶ ᠬᠠᠮᠵᠢᠯᠴᠠᠭ᠎ᠠ ᠶᠢ ᠪᠦᠷᠢᠯᠳᠦᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠣᠷᠣᠨ ᠨᠤᠲᠤᠭ ᠤᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠡᠷᠡᠭᠳᠡᠢ᠃ ᠵᠠᠰᠠᠭ ᠪᠠᠩᠬᠢ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠬᠠᠮᠲᠤᠪᠠᠷ ᠡᠳ᠋ᠯᠡᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ᠂ ᠠᠮᠢ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠨᠢᠭᠲᠠ ᠵᠣᠯᠭᠠᠭᠤᠯᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠦᠬᠠᠢ ᠶᠢᠨ ᠠᠵᠤ ᠠᠬᠤᠢ ᠨᠡᠶᠢᠭᠡᠮ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠶᠢ ᠭᠠᠷ ᠬᠤᠯᠪᠣᠨ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠰᠠᠶᠢᠨ ᠰᠠᠶᠢᠬᠠᠨ ᠠᠮᠢ ᠠᠬᠤᠢ ᠶᠢ ᠬᠠᠮᠲᠤ ᠪᠠᠷ ᠡᠭᠦᠳᠴᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠮᠥᠩᠭᠦᠨ ᠭᠦᠢᠯᠭᠡᠭᠡᠨ ᠤ ᠦᠢᠯᠡᠰ ᠤᠨ ᠪᠦᠬᠦ ᠬᠤᠳᠠ ᠶᠢᠨ ᠠᠵᠤ ᠠᠬᠤᠢ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠪᠠᠨ ᠳᠡᠭᠡᠭᠰᠢᠯᠡᠭᠦᠯᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号