ᠼᠦᠢ ᠵᠢᠩ ᠶᠢᠩ ᠠᠭᠤᠷᠬᠠᠢ ᠶᠢᠨ ᠡᠷᠬᠡ ᠶᠢ ᠨᠡᠶᠢᠳᠬᠡᠬᠦ᠂ ᠨᠡᠭᠦᠷᠡᠰᠦ ᠤᠬᠢᠶᠠᠵᠤ ᠰᠢᠯᠢᠬᠦ ᠶᠢ ᠡᠭᠴᠡ ᠪᠠᠷ ᠨᠢᠭᠡ ᠴᠤᠭᠴᠠᠵᠢᠭᠤᠯᠤᠨ ᠨᠡᠶᠢᠳᠬᠡᠬᠦ ᠵᠢᠴᠢ ᠦᠬᠠᠢ ᠶᠢᠨ ᠡᠮᠦᠨ᠎ᠡ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/4
     11 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠲᠤ ᠬᠦᠷᠴᠦ᠂ ᠠᠭᠤᠷᠬᠠᠢ ᠶᠢᠨ ᠡᠷᠬᠡ ᠶᠢ ᠨᠡᠶᠢᠳᠬᠡᠬᠦ᠂ ᠨᠡᠭᠦᠷᠡᠰᠦ ᠤᠬᠢᠶᠠᠵᠤ ᠰᠢᠯᠢᠬᠦ ᠶᠢ ᠡᠭᠴᠡ ᠪᠠᠷ ᠨᠢᠭᠡ ᠴᠤᠭᠴᠠᠵᠢᠭᠤᠯᠤᠨ ᠨᠡᠶᠢᠳᠬᠡᠬᠦ ᠵᠢᠴᠢ ᠦᠬᠠᠢ ᠶᠢᠨ ᠡᠮᠦᠨ᠎ᠡ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠬᠠᠶᠢᠨᠠᠨ ᠲᠣᠭᠤᠷᠢᠭ ᠤᠨ ᠵᠠᠳᠠᠭᠠᠢ ᠨᠡᠭᠦᠷᠡᠰᠦᠨ ᠠᠭᠤᠷᠬᠠᠢ ᠶᠢᠨ 5 ᠳ᠋ᠤᠭᠠᠷ ᠨᠣᠮᠧᠷᠲᠤ ᠨᠡᠶᠢᠳᠬᠡᠬᠦ ᠲᠣᠭᠤᠷᠢᠭ᠂ ᠬᠤᠸᠠ ᠽᠢ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠤᠬᠢᠶᠠᠵᠤ ᠰᠢᠯᠢᠬᠦ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠦᠷᠢᠶᠡᠯᠡᠩ᠂ ᠨᠡᠭᠦᠷᠡᠰᠦᠨ ᠤ ᠪᠤᠰᠤ ᠠᠭᠤᠷᠬᠠᠢ ᠶᠢᠨ 8 ᠳ᠋ᠤᠭᠠᠷ ᠨᠣᠮᠧᠷᠲᠤ ᠨᠡᠶᠢᠳᠬᠡᠬᠦ ᠲᠣᠭᠤᠷᠢᠭ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ ᠦᠬᠠᠢ ᠶᠢᠨ ᠡᠮᠦᠨ᠎ᠡ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠭᠤᠷᠬᠠᠢ ᠶᠢᠨ ᠡᠷᠬᠡ ᠶᠢ ᠨᠡᠶᠢᠳᠬᠡᠬᠦ᠂ ᠲᠥᠯᠥᠪᠵᠢᠭᠦᠯᠭᠡ ᠵᠢᠷᠤᠭ ᠲᠥᠯᠥᠪᠯᠡᠭᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠭᠤᠷᠬᠠᠢ ᠶᠢᠨ ᠡᠷᠬᠡ ᠶᠢ ᠨᠡᠶᠢᠳᠬᠡᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠡᠪᠴᠢᠶᠡᠵᠢᠭᠦᠯᠦᠨ ᠮᠠᠯᠲᠠᠬᠤ᠂ ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠨᠡᠭᠦᠷᠡᠰᠦ ᠤᠬᠢᠶᠠᠵᠤ ᠰᠢᠯᠢᠬᠦ ᠶᠢ ᠡᠭᠴᠡ ᠪᠠᠷ ᠨᠢᠭᠡ ᠴᠤᠬᠴᠠᠵᠢᠭᠤᠯᠤᠨ ᠨᠡᠶᠢᠳᠬᠡᠬᠦ ᠠᠵᠢᠯ ᠢ ᠬᠦᠴᠦᠲᠡᠢ ᠠᠬᠢᠭᠤᠯᠵᠤ᠂ ᠠᠵᠤ ᠦᠢᠯᠡᠰ ᠤᠨ ᠪᠦᠲᠦᠴᠡ  ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠥᠷᠭᠡᠳᠬᠡᠨ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠨᠡᠭᠦᠷᠡᠰᠦ ᠤᠬᠢᠶᠠᠵᠤ ᠰᠢᠯᠢᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ᠂ ᠦᠷᠳᠡᠭᠡ ᠶᠢᠨ ᠡᠮᠦᠨᠡᠬᠢ ᠵᠠᠮ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ  ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号