ᠣᠶᠢᠷ᠎ᠠ ᠶᠢᠨ ᠵᠢᠯ ᠳᠤ᠂ ᠮᠠᠨ ᠤ ᠬᠤᠲᠠ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠳᠦᠯ ᠴᠢᠳᠠᠪᠤᠷᠢ ᠪᠠᠨ ᠭᠦᠢᠴᠡᠳ | ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠪᠡ᠃ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠡ᠃ ᠮᠠᠨ ᠤ ᠬᠤᠲᠠ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢ ᠲᠣᠭᠲᠠᠭᠠᠯ ᠠᠴᠠ ᠵᠥᠷᠢᠴᠡᠨ ᠰᠢᠯᠵᠢᠭᠦᠯᠦᠨ ᠲᠦᠷᠢᠶᠡᠰᠦᠯᠡᠭᠦᠯᠬᠦ᠂ ᠰᠢᠯᠵᠢᠭᠦᠯᠦᠨ ᠵᠢᠭᠡᠯᠡᠭᠦᠯᠬᠦ | ᠦᠵᠡᠭᠳᠡᠯ ᠢ ᠲᠣᠭᠤᠷᠢᠨ ᠪᠠᠶᠢᠴᠠᠭᠠᠬᠤ ᠪᠠᠷ ᠳᠠᠮᠵᠢᠭᠤᠯᠤᠨ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ | ᠪᠠᠨ ᠪᠦᠷᠢᠨᠰᠢᠬᠦᠯᠪᠡ᠃ ᠡᠭᠦᠨ ᠳᠤ᠂ ᠵᠥᠪᠬᠡᠨ ᠬᠠᠶᠢᠨᠠᠨ ᠲᠣᠭᠤᠷᠢᠭ ᠲᠤ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ | 70 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠪᠣᠴᠠᠭᠠᠨ ᠠᠪᠴᠦ᠂ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢ ᠲᠣᠭᠲᠠᠭᠠᠯ ᠠᠴᠠ ᠵᠥᠷᠢᠴᠡᠨ ᠰᠢᠯᠵᠢᠭᠦᠯᠦᠨ ᠲᠦᠷᠢᠶᠡᠰᠦᠯᠡᠭᠦᠯᠬᠦ᠂ ᠰᠢᠯᠵᠢᠭᠦᠯᠦᠨ ᠵᠢᠭᠡᠯᠡᠭᠦᠯᠬᠦ | ᠦᠵᠡᠭᠳᠡᠯ ᠢ ᠵᠢᠯ ᠳᠠᠷᠠᠭᠠᠯᠠᠨ ᠪᠠᠭᠠᠰᠬᠠᠪᠠ᠃ | ᠬᠠᠮᠲᠤᠷᠠᠨ ᠬᠢᠨᠠᠵᠤ ᠬᠠᠮᠲᠤᠷᠠᠨ ᠪᠠᠶᠢᠴᠠᠭᠠᠬᠤ ᠪᠠᠨ ᠴᠢᠩᠭᠠᠳᠬᠠᠪᠡ᠃ ᠮᠠᠨ ᠤ ᠬᠤᠲᠠ ᠬᠠᠮᠲᠤᠷᠠᠨ ᠬᠢᠨᠠᠵᠤ | ᠬᠠᠮᠲᠤᠷᠠᠨ ᠪᠠᠶᠢᠴᠠᠭᠠᠬᠤ ᠪᠠ ᠮᠡᠳᠡᠭᠡ ᠵᠠᠩᠭᠢ ᠶᠢᠨ ᠬᠠᠷᠢᠴᠠᠭᠤᠯᠤᠯ ᠢᠶᠠᠷ ᠳᠠᠮᠵᠢᠭᠤᠯᠵᠤ᠂ ᠲᠦᠷᠢᠶᠡᠰᠦᠯᠡᠨ ᠠᠪᠬᠤ | ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢ ᠪᠠᠲᠤᠯᠠᠪᠠ᠃ ᠠᠵᠢᠯ ᠤᠨ ᠳᠤᠮᠳᠠ ᠴᠤᠭᠯᠠᠭᠤᠯᠤᠭᠰᠠᠨ | ᠠᠰᠠᠭᠤᠳᠠᠯ ᠤᠨ ᠰᠦᠪᠡᠭᠴᠢ ᠳᠤ ᠴᠢᠭᠯᠡᠭᠦᠯᠦᠨ᠂ ᠨᠠᠷᠢᠨ ᠭᠦᠢᠴᠡᠳ ᠠᠰᠠᠭᠤᠳᠠᠯ ᠤᠨ ᠡᠬᠡ ᠳᠠᠩᠰᠠ ᠪᠠᠶᠢᠭᠤᠯᠵᠤ᠂ | ᠠᠰᠠᠭᠤᠳᠠᠯ ᠤᠨ ᠲᠣᠳᠣᠷᠬᠠᠢ ᠨᠠᠷᠢᠨ ᠲᠠᠩᠰᠠ ᠪᠦᠷᠢᠯᠳᠦᠭᠦᠯᠵᠦ᠂ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ | ᠬᠢᠨᠠᠯᠲᠠ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠪᠠ᠃ ᠣᠯᠠᠨ ᠰᠠᠯᠠᠭ᠎ᠠ ᠮᠥᠴᠢᠷ ᠮᠡᠳᠡᠭᠡ ᠵᠠᠩᠭᠢ ᠶᠢ ᠬᠠᠮᠲᠤᠷᠠᠨ ᠬᠢᠨᠠᠵᠤ ᠬᠠᠮᠲᠤᠷᠠᠨ | ᠪᠠᠶᠢᠴᠠᠭᠠᠬᠤ ᠶᠢ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ | ᠶᠠᠪᠤᠳᠠᠯ ᠵᠡᠷᠭᠡ ᠬᠤᠯᠪᠤᠭᠳᠠᠯ ᠪᠦᠬᠦᠢ ᠡᠭᠦᠷᠭᠡ ᠴᠢᠳᠠᠪᠭᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠭᠰᠡᠨ ᠡᠷᠦᠬᠡ ᠶᠢᠨ ᠬᠡᠷ ᠪᠦᠯᠢ ᠶᠢᠨ ᠥᠯᠥ | ᠬᠥᠳᠡᠯᠬᠦ ᠬᠥᠷᠥᠩᠭᠡ᠂ ᠬᠥᠮᠦᠨ ᠠᠮᠠ᠂ ᠲᠡᠷᠭᠡ ᠬᠥᠰᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠷᠣᠯᠭ᠎ᠠ | ᠵᠡᠷᠭᠡ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠵᠤ᠂ ᠪᠥᠬᠦ ᠬᠤᠲᠠ ᠶᠢᠨ ᠲᠣᠭᠲᠠᠭᠠᠯ ᠠᠴᠠ ᠵᠥᠷᠢᠴᠡᠭᠰᠡᠨ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ︽ᠪᠤᠴᠠᠭᠠᠬᠤ ᠶᠣᠰᠣᠲᠠᠶ ᠶᠢ ᠨᠢ ᠪᠦᠬᠦᠨ ᠢ ᠪᠤᠴᠠᠭᠠᠬᠤ︾ ᠶᠢ | ᠦᠨᠡᠨᠬᠦ ᠪᠠᠲᠤᠯᠠᠪᠠ᠃ ᠡᠭᠦᠨ ᠳᠤ᠂ ᠬᠠᠶᠢᠷᠤᠪ ᠤᠨ ᠲᠣᠬᠤᠢ ᠲᠣᠭᠤᠷᠢᠭ ᠡᠨᠡ ᠵᠢᠯ ᠤᠨ ᠭᠤᠷᠪᠠᠳᠤᠭᠠᠷ ᠤᠯᠠᠷᠢᠯ ᠳᠤ 4 | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠨᠢᠭᠡᠨᠲᠡ ᠠᠮᠢᠳᠤᠷᠠᠯ ᠤᠨ ᠨᠠᠭᠠᠳᠤ | ᠵᠠᠬ᠎ᠠ ᠶᠢᠨ ᠲᠥᠷᠥ ᠶᠢᠨ ᠪᠣᠳᠣᠯᠭ᠎ᠠ ᠬᠦᠷᠲᠡᠬᠦ ᠨᠥᠬᠦᠴᠡᠯ ᠳᠤ ᠨᠡᠶᠢᠴᠡᠬᠦ ᠦᠭᠡᠢ ᠪᠣᠯᠤᠭᠰᠠᠨ ᠠᠴᠠ ᠭᠤᠷᠪᠠᠳᠤᠭᠠᠷ | ᠤᠯᠠᠷᠢᠯ ᠤᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ ᠣᠯᠭᠤᠬᠤ ᠶᠢ ᠵᠣᠭᠰᠣᠭᠠᠪᠠ᠃ | ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠪᠡ᠃ ᠮᠠᠨ ᠤ ᠬᠤᠲᠠ ᠪᠠᠲᠤᠯᠠᠭ᠎ᠠ ᠶᠢᠨ ᠣᠷᠣᠨ | ᠰᠠᠭᠤᠴᠠ ᠶᠢᠨ ᠤᠶᠤᠨᠴᠢᠯᠠᠭᠰᠠᠨ ᠪᠠᠶᠢᠭᠤᠯᠤᠯᠲᠠ ᠪᠠᠨ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠪᠠᠷ ᠳᠠᠮᠵᠢᠭᠤᠯᠤᠨ᠂ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠭᠦᠯᠬᠦ ᠡᠷᠦᠬᠡ ᠳᠤ ᠣᠶᠤᠨᠴᠢ ᠡᠭᠦᠳᠡᠨ ᠣᠨᠢᠰᠤ | ᠤᠭᠰᠠᠷᠠᠬᠤ ᠶᠢᠨ ᠬᠠᠮᠲᠤ ᠦᠨᠡᠨ ᠨᠡᠷ᠎ᠡ ᠪᠠᠷ ᠬᠡᠷᠡᠴᠢᠯᠡᠯᠳᠡ ᠬᠢᠵᠦ᠂ ᠮᠡᠷᠭᠡᠵᠢᠯ ᠤᠨ ᠠᠷᠭ᠎ᠠ ᠪᠠᠷᠢᠯ ᠢᠶᠠᠨ | ᠲᠡᠭᠡᠭᠰᠢᠯᠡᠬᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠠᠭᠤᠭᠠᠯᠢ ᠲᠣᠭᠤᠷᠢᠭ ᠤᠨ ᠵᠠᠰᠠᠯᠲᠠ ᠪᠠᠨ ᠨᠠᠩ | ᠰᠢᠨᠵᠢᠯᠡᠬᠦ ᠤᠬᠠᠭᠠᠨᠴᠢ᠂ ᠨᠠᠩ ᠥᠨᠳᠥᠷ ᠪᠦᠲᠦᠮᠵᠢᠲᠡᠶ ᠪᠣᠯᠭᠠᠪᠠ᠃ ᠲᠠᠸᠠᠷ ᠤᠨ ᠣᠷᠣᠨ ᠰᠠᠭᠤᠴᠠ ᠲᠠᠢ ᠬᠤᠯᠢᠯᠳᠤᠨ | ᠰᠠᠭᠤᠭᠰᠠᠨ 347 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠳᠤ ᠣᠶᠤᠨᠴᠢ ᠣᠨᠢᠰᠤ ᠤᠭᠰᠠᠷᠠᠵᠤ᠂ | ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠷ ᠪᠠᠶᠢᠰᠢᠩ ᠤᠨ ᠢᠷᠡᠯᠲᠡ ᠶᠢᠨ ᠮᠡᠳᠡᠭᠡ ᠵᠠᠩᠭᠢ ᠶᠢᠨ | ᠰᠢᠰᠲ᠋ᠧᠮ ᠳᠤ 354 ᠡᠷᠦᠬᠡ ᠶᠢ ᠣᠷᠣᠭᠤᠯᠵᠤ᠂ ᠬᠦᠮᠦᠰ ᠤᠨ ᠮᠡᠳᠡᠭᠡ ᠵᠠᠩᠭᠢ ᠶᠢ 1200 ᠭᠠᠷᠤᠶ ᠬᠥᠮᠦᠨ | ᠤᠳᠠᠭ᠎ᠠ ᠴᠤᠭᠯᠠᠭᠤᠯᠪᠠ᠃ |