2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠠᠨᠠᠯ ᠬᠤᠷᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/31
     12 ᠰᠠᠷ᠎ᠠ ᠶᠢᠨ 27 ᠤ ᠡᠳᠦᠷ᠂ 2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠰᠠᠨᠠᠯ ᠬᠤᠷᠢᠶᠠᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠪᠡ᠃      ᠬᠤᠷᠠᠯ ᠳᠡᠭᠡᠷ᠎ᠡ᠂ ᠱᠢ ᠭᠦᠸᠧ ᠾᠦᠢ᠂ ᠭᠤᠤ ᠬᠤᠩ ᠴᠢ ᠨᠠᠷ ᠬᠡᠷᠡᠭᠯᠡᠭᠡ ᠶᠢ ᠬᠥᠭᠵᠢᠭᠡᠬᠦ᠂ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠬᠤ᠂ ᠤᠳᠤ ᠦᠶ᠎ᠡ ᠶᠢᠨ ᠲᠠᠷᠢᠶᠠᠯᠠᠩ ᠢ ᠰᠢᠯᠢᠳᠡᠭᠵᠢᠭᠦᠯᠦᠨ ᠬᠦᠭᠵᠢᠬᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠡ᠃      ᠼᠦᠢ ᠵᠢᠩ ᠶᠢᠩ ᠤᠯᠠᠨ ᠤ ᠳᠤᠷᠠᠳᠤᠭᠰᠠᠨ ᠰᠠᠨᠠᠭᠤᠯᠭ᠎ᠠ ᠶᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠢᠯᠡᠳᠭᠡᠯ ᠢ ᠲᠤᠭᠤᠷᠪᠢᠬᠤ ᠳᠤᠭᠤᠶᠢᠯᠠᠩ ᠢ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠬᠢᠨᠠᠮᠠᠭᠠᠢ ᠬᠦᠯᠢᠶᠡᠨ ᠠᠪᠴᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ ᠲᠡᠷᠡ ᠬᠡᠯᠡᠭᠰᠡᠨ ᠨᠢ᠂ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠡᠨᠡ ᠵᠢᠯ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠪᠠᠶᠢᠳᠠᠯ ᠢᠶᠠᠨ ᠪᠠᠲᠤᠯᠠᠪᠠ᠂ ᠡᠨᠡ ᠪᠣᠯ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠣᠯᠬᠤ ᠪᠥᠭᠡᠳ ᠨᠡᠶᠢᠭᠡᠮ ᠤᠨ ᠡᠯ᠎ᠡ ᠡᠲᠡᠭᠡᠳ ᠤᠨ ᠣᠶᠤᠨ ᠤᠬᠠᠭᠠᠨ ᠪᠠ ᠬᠦᠴᠦ ᠬᠥᠯᠥᠰᠥ ᠠᠭᠤᠯᠤᠭᠳᠠᠵᠤ ᠪᠠᠶᠢᠨ᠎ᠠ᠃ ᠤᠯᠠᠨ ᠢᠶᠠᠷ ᠢᠶᠠᠨ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠢᠳᠡᠨ ᠲᠠᠢ ᠬᠠᠮᠲᠤ ᠪᠠᠷ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ  ᠭᠡᠵᠡᠢ      2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠯᠡᠬᠦ ᠵᠢᠯ ᠮᠥᠨ᠂ ᠪᠠᠰᠠ ᠴᠤ ᠦᠬᠠᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠴᠢᠬᠤᠯᠠ ᠨᠢᠭᠡ ᠵᠢᠯ ᠮᠥᠨ᠃ ᠬᠤᠳᠠ ᠶᠢᠨ ᠵᠠᠰᠠᠭ ᠤᠨ ᠣᠷᠳᠣᠨ ᠰᠠᠶᠢᠨ ᠰᠠᠶᠢᠬᠠᠨ ᠨᠥᠬᠦᠴᠡᠯ ᠢ ᠦᠷᠭᠦᠯᠵᠢᠯᠡᠨ ᠡᠭᠦᠳᠴᠦ᠂ ᠤᠯᠤᠯᠴᠠᠭ᠎ᠠ ᠰᠣᠯᠢᠯᠴᠠᠭᠠᠨ ᠤ ᠲᠣᠭᠲᠠᠴᠠ ᠪᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠪᠠᠶᠢᠩᠭᠤ ᠶᠢᠨ ᠴᠢᠨᠠᠷᠲᠠᠢ ᠰᠣᠨᠣᠰᠴᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号