12 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ | ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠶᠠᠷᠢᠶ᠎ᠠ ᠲᠠᠯᠪᠢᠵᠤ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ | ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ | ᠬᠤᠷᠠᠯ ᠳᠤ ᠣᠷᠣᠯᠴᠠᠪᠠ᠃ | ᠵᠧᠦ ᠶᠢᠨ ᠰᠢᠩ ᠬᠡᠯᠡᠭᠰᠡᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ | ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ | ᠬᠡᠷᠡᠭᠲᠡᠢ᠃ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠲᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠨᠠᠮ ᠳᠠᠭᠠᠨ ᠦᠨᠡᠨᠴᠢ ᠰᠢᠳᠤᠷᠭᠤ᠂ ᠵᠣᠷᠢᠯᠲᠠ ᠪᠠᠨ | ᠦᠢᠯᠡᠳᠦᠯᠭᠡᠵᠢᠭᠦᠯᠬᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠵᠢᠷᠤᠮᠵᠢᠭᠤᠯᠬᠤ ᠳᠡᠭᠡᠷ᠎ᠡ ᠢᠯᠡᠷᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠠᠰᠠᠭᠤᠳᠠᠯ ᠢ ᠠᠩᠬᠠᠷᠴᠤ᠂ ᠤᠨᠢᠨ ᠳᠡᠭᠡᠷ᠎ᠡ ᠨᠢ ᠬᠦᠴᠦᠯᠡᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠨᠥᠯᠥᠭᠡᠯᠡᠵᠦ ᠪᠠᠶᠢᠭ᠎ᠠ ᠠᠷᠬᠠᠭ ᠭᠡᠮ ᠢ ᠦᠨᠡᠨ ᠪᠣᠳᠠᠲᠠᠢ ᠪᠠᠷ ᠰᠢᠢᠳᠪᠦᠷᠢᠯᠡᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ ᠳᠤᠭᠤᠶᠢᠯᠠᠩ︶ ᠱᠦᠵᠢ ᠪᠡᠶ᠎ᠡ ᠪᠠᠷ ᠢᠶᠠᠨ ᠬᠡᠪ ᠲᠦᠷᠢᠮ | ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ | ᠦᠢᠯᠡᠳᠦᠯ ᠢᠶᠠᠨ ᠪᠠᠳᠠᠷᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠲᠦᠷᠦᠭᠦᠯᠡᠨ | ᠭᠦᠢᠴᠡᠳᠬᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ | ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ | ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠬᠤᠷᠠᠯ ᠢ ᠸᠢᠳᠢᠣ᠋ | ᠬᠡᠯᠪᠡᠷᠢ ᠪᠠᠷ ᠬᠤᠷᠠᠯᠳᠤᠭᠤᠯᠪᠠ᠃ |