2024 ᠣᠨ ᠤ 1 ᠰᠠᠷ᠎ᠠ ᠶᠢᠨ 31 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/2/1
     ᠼᠦᠢ ᠵᠢᠩ ᠶᠢᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠣᠳᠠᠭᠠᠨ ᠤ ᠬᠤᠷᠠᠯ ᠳᠤ ᠣᠷᠣᠯᠴᠠᠪᠠ᠃      ᠵᠢᠶᠠ ᠴᠢᠩ ᠳ᠋ᠦᠩ᠄ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠤᠯᠪᠤᠭᠠᠯᠠᠨ ᠲᠠᠭᠠᠭᠠᠴᠢᠯᠠᠭᠰᠠᠨ‌ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠢᠭ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠵᠢᠯᠤᠭᠤᠳᠴᠤ᠂ ᠠᠭᠠᠷ ᠤᠨ ᠢᠯᠴᠢ ᠶᠢᠨ ᠬᠥᠭᠡᠷᠭᠡ ᠶᠢᠨ ᠬᠤᠯᠪᠤᠭᠳᠠᠯ ᠪᠦᠬᠦᠢ ᠪᠠᠶᠢᠳᠠᠯ ᠢ ᠪᠠᠶᠢᠴᠠᠭᠠᠨ ᠰᠤᠳᠤᠯᠪᠡ᠃      ᠭᠧᠩ ᠬᠠᠢ ᠵᠢᠶᠦ᠋ᠨ᠄ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠰᠣᠳᠣᠯᠪᠠ᠃      ᠭᠦᠸᠧ ᠢ ᠵᠢᠶᠧ᠄ ︽ᠦᠬᠠᠢ ᠬᠤᠲᠠ ᠶᠢᠨ ᠳᠤᠯᠠᠭᠠᠨ ᠪᠦᠯᠢᠶᠡᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠬᠤ ᠠᠵᠢᠯ᠂ ︽ᠦᠬᠠᠢ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠬᠤ ᠠᠵᠢᠯ᠂ ᠨᠢᠭᠡᠳᠦᠭᠡᠷ ᠭᠠᠷᠠᠮ ᠤᠨ ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠪᠣᠯᠣᠮᠵᠢᠲᠤ ᠴᠢᠨᠠᠷ ᠢ ᠵᠣᠯᠭᠠᠭᠤᠯᠬᠤ ᠪᠠᠶᠢᠳᠠᠯ ᠢ ᠰᠤᠳᠤᠯᠵᠤ᠂ ᠭᠠᠨᠳᠠᠷᠢ ᠶᠠᠪᠠᠭᠠᠨ ᠬᠥᠮᠥᠨ ᠤ ᠬᠥᠭᠦᠷᠭᠡ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠵᠣᠬᠢᠴᠠᠭᠤᠯᠤᠨ ᠠᠬᠢᠭᠤᠯᠬᠤ ᠬᠤᠷᠠᠯ ᠢ ᠬᠤᠷᠠᠯᠳᠤᠭᠤᠯᠪᠡ᠃      ᠸᠠᠩ ᠵᠢᠢ ᠫᠢᠩ᠄ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠪᠡ᠃      ᠵᠠᠩ ᠮᠢᠩ ᠮᠢᠩ᠄ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠤ ᠡᠷᠬᠢᠨ ᠦᠵᠡᠵᠦ ᠲᠣᠬᠤᠨᠢᠭᠤᠯᠬᠤ ᠠᠵᠢᠯ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠪᠠ᠃      ᠭᠤᠣ ᠪᠥᠸᠧ᠄ ᠭᠠᠳᠠᠭᠰᠢ ᠭᠠᠷᠴᠤ ᠪᠠᠶᠢᠴᠠᠭᠠᠯᠲᠠ ᠰᠣᠯᠢᠯᠴᠠᠭ᠎ᠠ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号