2 ᠰᠠᠷ᠎ᠠ ᠶᠢᠨ 9 ᠤ ᠡᠳᠦᠷ ᠪᠣᠯ ᠪᠢᠯᠢᠭ ᠤᠨ ᠤᠯᠠᠷᠢᠯ ᠤᠨ ᠪᠢᠲᠡᠭᠦᠨ ᠤ ᠡᠳᠦᠷ ᠪᠣᠯᠣᠨ᠎ᠠ᠂ ᠬᠤᠳᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠴᠠᠭᠠᠨ ᠰᠠᠷ᠎ᠠ ᠶᠢᠨ | ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠦᠨ᠎ᠡ ᠹᠷᠣᠨᠲ ᠤᠨ ᠠᠵᠢᠯᠲᠠᠳ ᠢ ᠡᠷᠬᠢᠨ | ᠦᠵᠡᠵᠦ ᠲᠣᠬᠤᠨᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠥᠷᠭᠡᠨ ᠤᠯᠠᠨ | ᠲᠦᠮᠡᠨ ᠤ ᠡᠮᠦᠨ᠎ᠡ ᠠᠴᠠ ᠲᠡᠳᠡᠨ ᠤ ᠰᠢᠷᠭᠠᠭᠤ ᠬᠥᠳᠡᠯᠮᠦᠷᠢ ᠪᠣᠯᠣᠨ ᠬᠠᠷᠠᠮ ᠦᠭᠡᠢ ᠴᠢᠷᠮᠠᠶᠢᠯᠭ᠎ᠠ ᠳᠤ | ᠲᠠᠯᠠᠷᠬᠠᠬᠤ ᠶᠢᠨ ᠬᠠᠮᠲᠤ ᠤᠯᠠᠨ ᠳᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠬᠤᠲᠠ ᠶᠢᠨ ᠤᠳᠤᠷᠢᠳᠤᠯᠭ᠎ᠠ | ᠵᠢᠶᠠ ᠴᠢᠩ ᠳ᠋ᠦᠩ᠂ ᠵᠠᠩ ᠸᠧᠢ ᠣᠷᠣᠯᠴᠠᠪᠡ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠸᠠᠨ ᠯᠢᠶᠠᠨ ᠳᠠᠬᠢ ᠴᠠᠭᠳᠠᠭᠠᠨ ᠤ ᠠᠵᠢᠯ ᠤᠨ | ᠥᠷᠲᠡᠭᠡ ᠳᠤ ᠼᠦᠢ ᠵᠢᠩ ᠶᠢᠩ ᠨᠠᠷ ᠵᠢᠵᠢᠭᠦᠷᠯᠡᠵᠦ ᠪᠠᠶᠢᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠨᠠᠷ ᠲᠠᠢ | ᠳᠣᠲᠣᠨᠣ ᠪᠠᠷ ᠶᠠᠷᠢᠯᠴᠠᠵᠤ᠂ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠪᠠ ᠠᠵᠢᠯ ᠤᠨ ᠪᠠᠶᠢᠳᠠᠯ ᠢ ᠨᠢ ᠨᠠᠷᠢᠨ | ᠣᠶᠢᠯᠠᠭᠠᠵᠤ᠂ ᠲᠡᠳᠡᠨ ᠢ ᠬᠦᠴᠢᠷ ᠵᠣᠪᠠᠭᠤᠷᠢ ᠶᠢ ᠣᠨᠴᠠᠭᠠᠢ ᠠᠮᠰᠠᠵᠤ ᠲᠠᠶᠢᠯᠬᠦ᠂ ᠪᠠᠶᠢᠯᠳᠤᠬᠤ ᠳᠤ ᠣᠨᠴᠠᠭᠠᠢ ᠭᠠᠷᠮᠠᠭᠠᠢ | ᠪᠠᠶᠢᠬᠤ᠂ ᠣᠨᠴᠠᠭᠠᠢ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠮᠤᠷ ᠢ | ᠬᠠᠮᠠᠭᠠᠯᠠᠬᠤ ᠴᠠᠭᠳᠠᠨ ᠪᠠᠶᠢᠴᠠᠭᠠᠯᠲᠠ ᠪᠠᠨ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠡᠮᠬᠢ | ᠳᠢᠭᠯᠢᠮ ᠢ ᠬᠠᠮᠠᠭᠠᠯᠠᠵᠤ᠂ ᠪᠦᠬᠦ ᠬᠤᠳᠠ ᠶᠢᠨ ᠠᠷᠠᠳ ᠲᠦᠮᠡᠨ ᠢ ᠰᠡᠳᠬᠢᠯ ᠠᠮᠤᠷ ᠴᠠᠭᠠᠨ ᠰᠠᠷ᠎ᠠ ᠶᠢ ᠥᠩᠭᠡᠷᠡᠭᠦᠯᠬᠦ | ᠬᠡᠷᠡᠭᠲᠡᠢ ᠭᠡᠵᠦ ᠵᠣᠷᠢᠭᠵᠢᠭᠤᠯᠪᠠ᠃ | ᠴᠠᠭᠠᠨ ᠰᠠᠷ᠎ᠠ ᠪᠣᠯ ᠭᠡᠷ ᠬᠤᠲᠠᠯᠠᠭᠠᠷ ᠢᠶᠠᠷ ᠢᠶᠠᠨ ᠴᠤᠭᠯᠠᠷᠠᠬᠤ ᠴᠢᠬᠤᠯᠠ ᠪᠠᠶᠠᠷ ᠤᠨ ᠡᠳᠦᠷ ᠮᠥᠨ᠂ | ᠢᠯᠴᠢ ᠶᠢᠨ ᠬᠦᠴᠦᠨ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠨᠢ ᠲᠤᠶᠢᠯ ᠤᠨ | ᠴᠢᠬᠤᠯᠠ ᠶᠤᠮ᠃ ᠬᠤᠲᠠ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠲᠡᠮᠦᠷ ᠵᠠᠮ ᠤᠨ ᠪᠠᠷᠠᠭᠤᠨ ᠳᠠᠬᠢ ᠲᠥᠪ | ᠥᠷᠲᠡᠭᠡ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠦᠬᠠᠢ ᠳᠠᠬᠢ ᠴᠠᠬᠢᠯᠭᠠᠨ ᠬᠠᠩᠭᠠᠬᠤ | ᠺᠣᠮᠫᠠᠨᠢ ᠶᠢᠨ ᠬᠡᠷᠡᠭᠯᠡᠭᠴᠢᠳ ᠤᠨ ᠦᠢᠯᠡᠴᠢᠯᠡᠭᠡᠨ ᠤ ᠲᠦᠪ ᠲᠤ᠂ ᠼᠦᠢ ᠵᠢᠩ ᠶᠢᠩ ᠨᠠᠷ ᠨᠢᠭᠡᠳᠦᠭᠡᠷ ᠹᠷᠣᠨᠲ ᠤᠨ | ᠵᠢᠵᠢᠭᠦᠷᠯᠡᠭᠴᠢᠳ ᠢ ᠳᠣᠲᠣᠨᠣ ᠪᠠᠷ ᠲᠣᠬᠤᠨᠢᠭᠤᠯᠵᠤ᠂ ᠳᠤᠯᠠᠭᠠᠯᠭ᠎ᠠ ᠶᠢᠨ ᠲᠥᠬᠦᠭᠡᠷᠦᠮᠵᠢ ᠶᠢᠨ ᠠᠵᠢᠯᠯᠠᠭᠠᠨ᠂ ᠬᠠᠯᠠᠮᠰᠢᠯ | ᠤᠲᠠᠰᠤ ᠪᠠᠷ ᠬᠡᠷᠡᠭᠯᠡᠭᠴᠢᠳ ᠲᠤ ᠦᠢᠯᠡᠴᠢᠯᠡᠵᠦ ᠪᠠᠶᠢᠭ᠎ᠠ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠣᠶᠢᠯᠠᠭᠠᠵᠤ᠂ ᠤᠯᠠᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠤᠨᠢᠨ ᠳᠡᠭᠡᠷ᠎ᠡ ᠨᠢ | ᠥᠨᠳᠥᠷ ᠪᠦᠲᠦᠮᠵᠢᠲᠡᠢ ᠦᠢᠯᠡᠴᠢᠯᠡᠵᠦ᠂ ᠦᠢᠯᠡᠴᠢᠯᠡᠭᠡᠨ ᠤ ᠲᠦᠪᠰᠢᠨ ᠪᠣᠯᠣᠨ ᠪᠠᠲᠤᠯᠠᠭ᠎ᠠ ᠶᠢᠨ ᠴᠢᠳᠠᠪᠤᠷᠢ ᠪᠠᠨ | ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠬᠢᠵᠤ᠂ ᠥᠪᠡᠷ ᠤᠨ ︽ᠵᠣᠪᠠᠭᠤᠷᠢ | ᠵᠦᠳᠡᠭᠦᠷᠢ ᠶᠢᠨ ᠵᠢᠭᠠᠯᠲᠠ ᠲᠤᠭ᠎ᠠ︾ ᠪᠠᠷ ᠢᠶᠠᠨ ᠤᠯᠠᠨ ᠲᠦᠮᠡᠨ ᠤ ︽ᠬᠠᠨᠤᠮᠵᠢᠲᠠᠢ ᠵᠢᠭᠠᠯᠲᠠ ᠲᠤᠭ᠎ᠠ︾ ᠶᠢ ᠰᠣᠯᠢᠵᠤ᠂ | ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠡᠵᠦ᠂ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠵᠠᠬᠢᠪᠠ᠃ | ︽ᠥᠷᠯᠥᠭᠡ ᠪᠦᠷᠢ ᠬᠡᠳᠦᠨ ᠴᠠᠭ ᠲᠤ ᠠᠵᠢᠯ ᠤᠨ ᠪᠠᠶᠢᠷᠢ ᠳᠠᠭᠠᠨ ᠭᠠᠷᠳᠠᠭ ᠪᠤᠶ︖︾ ︽ᠴᠠᠭᠠᠨ ᠰᠠᠷ᠎ᠠ ᠶᠢᠨ | ᠬᠤᠭᠤᠴᠠᠭᠠᠨ ᠳᠤ ᠬᠡᠳᠦᠨ ᠡᠳᠦᠷ ᠠᠮᠠᠷᠠᠵᠤ ᠪᠣᠯᠬᠤ ᠪᠣᠢ︖︾ ᠬᠤᠲᠠ ᠶᠢᠨ ᠨᠡᠶᠢᠲᠡ ᠶᠢᠨ ᠬᠡᠷᠡᠭᠯᠡᠭᠡᠨ ᠤ | ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠪᠢᠨ ᠾᠧ ᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠭᠠᠵᠠᠷ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠳᠤ ᠼᠦᠢ ᠵᠢᠩ ᠶᠢᠩ ᠨᠠᠷ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠡᠮᠨᠡᠯᠭᠡ ᠶᠢᠨ ᠠᠵᠢᠯᠲᠠᠳ ᠲᠠᠢ ᠨᠢᠭᠡᠳ ᠨᠢᠭᠡ ᠪᠠᠷ ᠭᠠᠷ | ᠠᠳᠬᠤᠵᠤ᠂ ᠳᠣᠲᠣᠨᠣ ᠪᠠᠷ ᠶᠠᠷᠢᠯᠴᠠᠵᠤ᠂ ᠤᠯᠠᠨ ᠤ ᠬᠤᠳᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠷᠠᠳ | ᠤᠯᠠᠨ ᠤ ᠠᠮᠢ ᠨᠠᠰᠤ ᠡᠷᠡᠭᠦᠯ ᠮᠡᠨᠳᠤ ᠶᠢ ᠪᠠᠲᠤᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠪᠠ ᠬᠦᠴᠦ | ᠬᠥᠯᠥᠰᠦ ᠳᠤ ᠲᠠᠯᠠᠷᠬᠠᠵᠤ᠂ ᠤᠯᠠᠨ ᠢ ᠰᠢᠨ᠎ᠡ ᠨᠢᠭᠡ ᠵᠢᠯ ᠳᠤ ᠦᠷᠭᠦᠯᠵᠢᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ | ᠯᠠᠪᠳᠠᠭᠤᠨ ᠪᠠᠲᠤᠲᠠᠢ ᠠᠵᠢᠯᠯᠠᠵᠤ᠂ ᠮᠠᠨ ᠤ ᠬᠤᠳᠠ ᠶᠢᠨ ᠠᠷᠠᠳ ᠤᠨ ᠠᠮᠢᠳᠤᠷᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠣᠷᠢᠭᠵᠢᠭᠤᠯᠪᠠ᠃ |