【ᠲᠤᠭ᠎ᠠ ᠪᠦᠷᠢᠳᠭᠡᠯ】ᠮᠠᠨ ᠤ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ︽ᠰᠠᠶᠢᠨ ᠡᠬᠢᠯᠡᠯᠲᠡ᠂ ᠲᠣᠭᠲᠠᠭᠤᠨ ᠡᠭᠢᠯᠡᠯᠳᠡ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/2/19
     2024 ᠣᠨ ᠤ 1 ᠰᠠᠷ᠎ᠠ ᠳᠤ᠂ ᠮᠠᠨ ᠤ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 15.04 ᠳ᠋ᠦᠩᠰᠢᠭᠤᠷ ᠲᠥᠭᠦᠷᠢᠭ ᠲᠤ ᠬᠦᠷᠴᠦ᠂ 0.85 ᠳ᠋ᠦᠩᠰᠢᠭᠤᠷ ᠲᠥᠭᠦᠷᠢᠭ ᠨᠡᠮᠡᠭᠳᠡᠨ᠂ 6%  ᠪᠠᠷ ᠨᠡᠮᠡᠭᠳᠡᠵᠦ᠂ ᠠᠩᠬᠠᠨ ᠤ ᠰᠠᠷ᠎ᠠ ᠶᠢᠨ ︽ᠰᠠᠶᠢᠨ ᠡᠬᠢᠯᠡᠯᠲᠡ᠂ ᠲᠣᠭᠲᠠᠭᠤᠨ ᠡᠬᠢᠯᠡᠯᠳᠡ︾ ᠶᠢ ᠪᠡᠶᠡᠯᠡᠭᠦᠯᠪᠡ᠃      ᠡᠨᠡ ᠵᠢᠯ ᠠᠴᠠ ᠨᠠᠰᠢ᠂ ᠮᠠᠨ ᠤ ᠬᠤᠲᠠ ᠬᠥᠭᠵᠢᠯᠲᠡ ᠶᠢ ᠶᠡᠬᠡᠪᠡᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨᠬᠦ ᠠᠳᠬᠤᠨ ᠪᠣᠳᠠᠲᠠᠢ ᠪᠠᠷ ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠰᠢᠨ᠎ᠡ ᠠᠬᠢᠴᠠ ᠲᠠᠢ ᠪᠣᠯᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠂ ᠮᠠᠨ ᠤ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠡᠬᠢᠯᠡᠯᠲᠡ ᠶᠢᠨ ᠴᠢᠨᠠᠷᠲᠠᠢ ᠰᠢᠢᠳᠪᠦᠷᠢᠲᠦ ᠪᠠᠶᠢᠯᠳᠤᠭᠠᠨ ᠬᠢᠬᠦ᠂ ᠡᠬᠢᠯᠡᠯᠲᠡ ᠶᠢᠨ ᠴᠢᠨᠠᠷᠲᠠᠢ ᠰᠢᠪᠲᠤᠯᠤᠯᠲᠠ ᠬᠢᠬᠦ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ ᠢᠶᠠᠷ ᠡᠳ᠋ ᠤᠨ ᠵᠠᠰᠠᠭ ᠤᠨ ᠣᠷᠣᠯᠭ᠎ᠠ ᠶᠢ ᠭᠤᠣᠯᠳᠠᠯᠭ᠎ᠠ ᠲᠠᠢ ᠲᠥᠯᠥᠪᠵᠢᠭᠦᠯᠵᠦ᠂ ᠠᠵᠤ ᠠᠬᠤᠢ ᠶᠢᠨ ᠡᠬᠢ ᠰᠤᠷᠪᠤᠯᠵᠢ ᠶᠢ ᠥᠷᠭᠡᠳᠬᠡᠵᠦ᠂ ᠤᠷᠢᠳᠴᠢᠯᠠᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠭᠤᠷᠪᠠᠨ ᠵᠢᠯ ᠳᠠᠷᠠᠭᠠᠯᠠᠨ ᠥᠨᠳᠥᠷ ᠰᠠᠭᠤᠷᠢ ᠲᠤᠭᠠᠨ ᠤ ᠰᠠᠭᠤᠷᠢᠨ ᠳᠡᠭᠡᠷ᠎ᠡ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠪᠡ᠃      ᠮᠠᠨ ᠤ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠥᠬᠦ ᠬᠤᠲᠠ ᠶᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠠᠵᠢᠯᠯᠠᠭᠠᠨ ᠤ ᠬᠢᠨᠠᠨ ᠰᠢᠨᠵᠢᠵᠦ ᠵᠠᠳᠠᠯᠤᠯᠲᠠ ᠬᠢᠬᠦ ᠪᠠᠨ ᠴᠢᠩᠭᠠᠳᠬᠠᠨ᠂ ᠣᠷᠣᠯᠭ᠎ᠠ ᠶᠢ ᠵᠣᠬᠢᠶᠠᠨ ᠪᠠᠶᠢᠭᠤᠯᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠢᠷᠡᠯᠲᠡ ᠭᠠᠶᠢᠯᠢ ᠶᠢᠨ ᠢᠷᠡᠯᠲᠡ ᠶᠢ ᠪᠣᠶᠢᠵᠢᠭᠤᠯᠤᠨ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠲᠠᠲᠠᠪᠤᠷᠢᠯᠠᠯᠲᠠ ᠬᠠᠮᠢᠶᠠᠷᠤᠯᠲᠠ ᠪᠠᠨ ᠰᠠᠶᠢᠲᠤᠷ ᠠᠳᠬᠤᠵᠤ᠂ ᠪᠥᠬᠦ ᠵᠢᠯ ᠤᠨ ᠣᠷᠣᠯᠭ᠎ᠠ ᠶᠢᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠬᠤᠷᠢᠶᠠᠪᠠᠰᠤ ᠵᠣᠬᠢᠬᠤ ᠣᠷᠣᠯᠭ᠎ᠠ ᠶᠢ ᠪᠦᠬᠦᠨ ᠢ ᠬᠤᠷᠢᠶᠠᠬᠤ ᠶᠢ ᠪᠡᠶᠡᠯᠡᠬᠦᠯᠪᠡ᠃ ᠡᠭᠦᠨ ᠤ ᠵᠡᠷᠭᠡ ᠳᠤ᠂ ᠠᠩᠬᠠᠨ ᠤ ᠰᠠᠷ᠎ᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ︽ᠰᠠᠶᠢᠨ ᠡᠬᠢᠯᠡᠯᠲᠡ᠂ ᠲᠣᠭᠲᠠᠭᠤᠨ ᠡᠭᠢᠯᠡᠯᠳᠡ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠᠷ ᠵᠣᠬᠢᠰᠲᠠᠢ ᠪᠠᠷ ᠬᠦᠴᠦ ᠨᠡᠮᠡᠷᠢᠯᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠪᠦᠬᠦ ᠵᠢᠯ ᠤᠨ ᠣᠷᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠲᠠᠯᠪᠢᠵᠤ᠂ ︽ᠰᠠᠶᠢᠨ ᠡᠬᠢᠯᠡᠯᠲᠡ︾ ᠶᠢ ︽ᠪᠦᠬᠦ ᠵᠢᠯ ᠳᠤ ᠰᠠᠶᠢᠨ︾ ᠪᠣᠯᠭᠠᠵᠤ᠂ ︽ᠲᠣᠭᠲᠠᠭᠤᠨ ᠡᠭᠢᠯᠡᠯᠳᠡ︾ ᠶᠢ ︽ᠪᠦᠬᠦ ᠵᠢᠯ ᠳᠤ ᠲᠣᠭᠲᠠᠭᠤᠨ︾ ᠪᠣᠯᠭᠠᠬᠤ ᠪᠠᠷ ᠴᠢᠷᠮᠠᠶᠢᠨ᠎ᠠ᠃      ᠳᠠᠷᠠᠭᠠᠴᠢ ᠶᠢᠨ ᠠᠯᠬᠤᠮ ᠳᠤ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠶᠠᠪᠤᠳᠠᠯ ᠢᠶᠠᠷ ᠡᠳ᠋ ᠤᠨ ᠵᠠᠰᠠᠭ ᠢ ᠡᠵᠡᠮᠰᠢᠬᠦ᠂ ᠡᠳ᠋ ᠤᠨ ᠶᠠᠪᠤᠳᠠᠯ ᠢᠶᠠᠷ ᠵᠠᠰᠠᠭ ᠢ ᠲᠤᠰᠠᠯᠠᠬᠤ ᠦᠢᠯᠡᠳᠦᠯ ᠢᠶᠠᠨ ᠦᠷᠭᠦᠯᠵᠢᠯᠡᠨ ᠪᠦᠬᠦ ᠲᠠᠯ᠎ᠠ ᠪᠠᠷ ᠪᠠᠳᠠᠷᠠᠭᠤᠯᠵᠤ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠦᠢᠯᠡᠴᠢᠯᠡᠵᠦ᠂ ᠵᠠᠷᠤᠯᠭ᠎ᠠ ᠶᠢᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠷᠢᠮᠲᠠᠯᠠᠵᠤ᠂ ᠪᠦᠬᠦ ᠬᠤᠳᠠ ᠶᠢᠨ ᠴᠢᠬᠤᠯᠠ ᠬᠦᠷᠢᠶ᠎ᠡ᠂ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠰᠠᠶᠢᠲᠤᠷ ᠪᠠᠲᠤᠯᠠᠵᠤ᠂ ᠭᠠᠵᠠᠷ ᠣᠷᠣᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠪᠠ ᠠᠷᠠᠳ ᠤᠨ ᠠᠮᠢᠳᠤᠷᠠᠯ ᠤᠨ ᠦᠢᠯᠡᠰ ᠤᠨ ᠲᠣᠭᠲᠠᠭᠤᠨ ᠢᠶᠠᠷ ᠬᠥᠭᠵᠢᠬᠦ ᠳᠤ ᠨᠡᠩ ᠨᠠᠶᠢᠳᠠᠪᠤᠷᠢᠲᠠᠢ ᠡᠳ᠋ ᠤᠨ ᠬᠦᠴᠦᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号