ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/21
     2 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠢ ᠶᠢᠨ ᠠᠵᠢᠯᠯᠠᠭᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠲᠣᠬᠢᠷᠠᠭᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠵᠠᠩ ᠮᠢᠩ ᠮᠢᠩ  ᠭᠤᠸ ᠪᠥᠸᠧ ᠣᠷᠣᠯᠴᠠᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠥᠪ ᠢᠶᠠᠷ ᠲᠠᠨᠢᠵᠤ᠂ ᠠᠵᠤ ᠠᠬᠤᠢ ᠶᠢᠨ ᠠᠵᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠲᠣᠬᠢᠷᠠᠭᠤᠯᠭ᠎ᠠ ᠶᠢ ᠠᠳᠬᠤᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠤ ᠠᠬᠤᠢ ᠶᠢᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠢᠭᠡᠳᠦᠭᠡᠷ ᠤᠯᠠᠷᠢᠯ ᠤᠨ ︽ᠲᠣᠭᠲᠠᠭᠤᠨ ᠡᠭᠢᠯᠡᠯᠳᠡ᠂ ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠢᠯᠡᠴᠢᠯᠡᠭᠡ ᠪᠠᠨ ᠰᠢᠯᠢᠳᠡᠭᠵᠢᠭᠦᠯᠦᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠦᠢᠯᠡᠴᠢᠯᠡᠭᠡᠨ ᠤ ᠰᠠᠯᠪᠤᠷᠢ ᠠᠩᠭᠢ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠬᠤᠳᠠ ᠶᠢᠨ ᠳᠠᠷᠤᠭ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠬᠦᠯᠢᠶᠡᠨ ᠠᠪᠬᠤ ᠡᠳᠦᠷ︾ ᠵᠡᠷᠭᠡ ᠠᠵᠢᠯ ᠤᠨ ᠳᠦᠷᠢᠮ ᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠶᠢ ᠴᠢᠩᠭ᠎ᠠ ᠠᠳᠬᠤᠵᠤ᠂ ᠠᠵᠢᠯ ᠡᠬᠢᠯᠡᠭᠦᠯᠬᠦ᠂ ᠠᠬᠢᠴᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠡᠷᠴᠢ ᠵᠣᠷᠢᠭ ᠢᠶᠠᠨ ᠬᠥᠪᠴᠢᠯᠡᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠤᠳᠠᠯᠳᠣᠭᠠᠴᠢᠨ ᠤᠷᠢᠬᠤ ᠪᠠᠨ ᠴᠢᠩᠭᠠᠳᠬᠠᠵᠤ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠬᠤ ᠶᠢ ᠲᠤᠪᠤᠶᠢᠯᠭᠠᠵᠦ᠂ ᠨᠢᠭᠡ ᠪᠦᠯᠦᠭ ᠬᠡᠯᠬᠢᠶ᠎ᠡ ᠣᠷᠳᠣᠳᠬᠠᠵᠤ ᠲᠡᠶᠢᠯᠬᠦ ᠬᠡᠯᠬᠢᠶ᠎ᠡ ᠨᠦᠬᠦᠪᠦᠷᠢᠯᠡᠵᠦ ᠲᠡᠶᠢᠯᠬᠦ ᠬᠡᠯᠬᠢᠶ᠎ᠡ ᠴᠢᠩᠭᠠᠳᠬᠠᠵᠤ ᠲᠡᠶᠢᠯᠬᠦ᠂ ᠳᠠᠶᠢᠴᠢᠯᠠᠬᠤ ᠲᠤᠯᠭᠠᠭᠤᠷᠢᠯᠠᠬᠤ ᠴᠢᠨᠠᠷ ᠢᠶᠠᠷ ᠴᠢᠩᠭ᠎ᠠ ᠰᠢᠯᠢᠳᠡᠭ ᠲᠦᠷᠦᠯ ᠵᠦᠢᠯ ᠢ ᠴᠢᠷᠮᠠᠶᠢᠨ ᠣᠷᠣᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠷᠬᠠᠢ ᠶᠢᠨ ᠡᠷᠬᠡ᠂ ᠨᠡᠭᠦᠷᠡᠰᠦ ᠤᠬᠢᠶᠠᠬᠤ᠂ ᠨᠡᠬᠦᠷᠡᠰᠦ ᠬᠡᠦᠷᠰᠢᠭᠦᠯᠬᠦ ︽ᠭᠤᠷᠪᠠ ᠶᠢ ᠨᠡᠶᠢᠳᠬᠡᠬᠦ︾ ᠶᠢ ᠴᠢᠩᠭ᠎ᠠ ᠠᠳᠬᠤᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ᠂ ᠪᠦᠬᠦ ᠪᠥᠮᠪᠥᠷᠴᠡᠭ ᠤᠨ ᠬᠠᠮᠤᠭ ᠤᠨ ᠲᠤᠮᠤ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠶᠢ ᠪᠣᠳᠠᠲᠠᠢ ᠪᠦᠭᠡᠳ ᠨᠠᠷᠢᠯᠢᠭ ᠠᠳᠬᠤᠵᠤ᠂ ᠪᠠᠷᠠᠭᠠᠨ ᠤ ᠭᠦᠢᠯᠭᠡᠭᠡ᠂ ᠵᠢᠭᠤᠯᠴᠢᠯᠠᠯ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠲᠠᠷᠢᠶᠠᠯᠠᠩ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠯᠬᠤᠮ ᠢ ᠠᠯᠬᠤᠬᠤ ᠶᠢ ᠠᠬᠢᠭᠤᠯᠬᠤ ᠬᠡᠷᠡᠭᠲᠡᠢ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ︽ᠳᠥᠷᠪᠡᠨ ᠠᠵᠤ ᠠᠬᠤᠶ︾ ᠶᠢ ᠢᠳᠡᠪᠬᠢᠲᠡᠶ ᠪᠤᠶᠢᠵᠢᠭᠤᠯᠵᠤ᠂ ᠨᠢᠭᠡ ᠪᠦᠯᠦᠭ ᠤᠨᠴᠠᠯᠢᠬᠳᠤ ᠵᠡᠭᠡᠯᠢ ᠲᠣᠭᠤᠷᠢᠭ ᠢ ᠪᠠᠶᠢᠭᠤᠯᠵᠤ᠂ ᠬᠤᠲᠠ ᠶᠢᠨ ᠠᠷᠠᠳ ᠤᠨ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ᠃ ᠡᠳ᠋ ᠤᠨ ᠵᠠᠰᠠᠭ ᠮᠥᠩᠭᠦᠨ ᠭᠦᠢᠯᠭᠡᠭᠡ ᠶᠢ ᠬᠤᠶᠠᠷ ᠲᠠᠯ᠎ᠠ ᠪᠠᠷ ᠠᠳᠬᠤᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠣᠷᠣᠯᠭ᠎ᠠ ᠶᠢ ᠵᠣᠬᠢᠶᠠᠨ ᠪᠠᠶᠢᠭᠤᠯᠬᠤ ᠪᠠ ᠵᠠᠰᠠᠭ ᠤᠨ ᠣᠷᠳᠣᠨ ᠤ ᠥᠷᠢ ᠦᠭᠴᠢᠭᠡ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠤᠶᠢᠵᠢᠭᠤᠯᠬᠤ ᠦᠢᠯᠡᠴᠢᠯᠡᠭᠡ᠂ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠤᠭ᠎ᠠ ᠪᠠᠷᠢᠮᠲᠠ ᠶᠢ ᠴᠢᠩᠭ᠎ᠠ ᠠᠩᠬᠠᠷᠴᠤ ᠲᠤᠭ᠎ᠠ ᠪᠦᠷᠢᠳᠭᠡᠯ ᠮᠡᠳᠡᠭᠦᠯᠬᠦ ᠶᠢ ᠨᠢᠭᠡᠳᠦᠯᠲᠡᠢ ᠲᠥᠯᠥᠪᠵᠢᠭᠦᠯᠣᠨ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ ᠶᠢ ᠪᠠᠲᠤ ᠰᠠᠬᠢᠵᠤ᠂ ︽ᠲᠦᠷᠪᠡᠨ ᠲᠦᠷᠦᠯ︾ ᠤᠨ ᠠᠵᠤ ᠠᠬᠤᠶᠢᠯᠠᠯ ᠢ ᠲᠡᠰ ᠳᠡᠪᠰᠢᠭᠦᠯᠦᠨ ᠨᠢᠭᠡᠳᠦᠯᠲᠡᠢ ᠪᠣᠯᠭᠠᠬᠤ ᠠᠵᠢᠯ ᠢᠶᠠᠨ ᠲᠤᠪᠤᠶᠢᠮ᠎ᠠ ᠰᠠᠶᠢᠲᠤᠷ ᠠᠳᠬᠤᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠪᠦᠬᠦ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠪᠠᠶᠢᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠳᠤᠯᠠᠭᠠᠨ ᠪᠦᠯᠢᠶᠡᠨ ᠢᠨᠵᠧᠨᠧᠷᠢᠩ ᠤᠨ ᠬᠤᠯᠪᠤᠭᠳᠠᠯ ᠪᠦᠬᠦᠢ ᠶᠠᠪᠤᠳᠠᠯ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号