ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/21
     2 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠲᠢᠶᠠᠨᠵᠢᠨ ᠳᠤ ᠰᠢᠨᠵᠢᠯᠡᠨ ᠪᠠᠶᠢᠴᠠᠭᠠᠬᠤ ᠦᠶ᠎ᠡ᠂ ᠨᠠᠮ ᠤᠨ ᠭᠠᠳᠠᠨᠠᠬᠢ ᠬᠥᠮᠥᠰ ᠲᠠᠢ ᠬᠠᠮᠲᠤ ᠪᠠᠷ ᠴᠠᠭᠠᠨ ᠰᠠᠷ᠎ᠠ ᠶᠢ ᠤᠭᠲᠤᠬᠤ ᠦᠶ᠎ᠡ᠂ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠶᠢᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠤᠨ ᠲᠣᠭᠤᠷᠢᠨ ᠳᠤ᠂ ᠢᠲᠡᠭᠡᠯ ᠵᠣᠷᠢᠭ ᠢᠶᠠᠨ ᠬᠥᠪᠴᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠵᠢᠯ ᠤᠨ ᠡᠬᠢᠯᠡᠯᠲᠡ ᠶᠢᠨ ᠡᠯ᠎ᠡ ᠵᠦᠢᠯ ᠤᠨ ᠠᠵᠢᠯ  ᠢᠶᠠᠨ ᠴᠢᠨᠠᠷ ᠰᠠᠶᠢᠲᠠᠢ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠨᠡᠩ ᠲᠤᠪᠤᠶᠢᠯᠭᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ︔ ᠦᠬᠠᠢ ᠶᠢᠨ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠠᠮᠠᠭᠠᠯᠠᠬᠤ ᠮᠦᠷᠳᠡᠭᠡᠨ ᠨᠡᠭᠡᠭᠡᠨ ᠬᠥᠭᠵᠢᠭᠦᠯᠵᠦ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠬᠡᠷᠡᠭᠳᠡᠢ︔ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠡᠷᠬᠢᠨ ᠲᠣᠭᠤᠷᠢᠨ ᠤ ᠣᠷᠣᠨ ᠪᠦᠰᠡ᠂ ᠲᠡᠷᠢᠭᠦᠨ ᠤ ᠭᠠᠵᠠᠷ ᠣᠷᠣᠨ ᠯᠤᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠬᠦ ᠬᠡᠷᠡᠭᠳᠡᠢ︔ ︽ᠲᠤᠯᠠᠭᠠᠨ ᠪᠦᠯᠢᠶᠡᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠪᠠᠨ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠦᠷᠢᠮ ᠲᠣᠭᠲᠠᠭᠠᠯ ᠲᠣᠭᠲᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ  ᠢᠶᠠᠨ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠡᠭᠦᠷᠢᠳᠡ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠡᠷᠭᠡ ᠲᠤᠷᠰᠢᠯᠭ᠎ᠠ ᠠᠷᠭ᠎ᠠ ᠪᠠᠨ ᠰᠠᠶᠢᠲᠤᠷ ᠬᠡᠷᠡᠭᠯᠡᠵᠦ᠂ ᠠᠷᠠᠳ ᠤᠯᠠᠨ ᠳᠤ ᠨᠡᠩ ᠰᠠᠶᠢᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ︽ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠶ᠎ᠠ︾ ᠭᠡᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠶᠢᠳᠠᠯ ᠲᠤᠤᠷᠠᠭᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠶᠡᠷᠦᠩᠬᠡᠢ ᠱᠠᠭᠠᠷᠳᠠᠯᠭ᠎ᠠ ᠪᠠ ᠴᠢᠬᠤᠯᠠ ᠵᠠᠷᠴᠢᠮ ᠢ ᠰᠢᠰᠲ᠋ᠧᠮ ᠲᠠᠢ ᠪᠠᠷ ᠡᠵᠡᠮᠳᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠳᠡᠢ᠃ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠰᠤᠷᠤᠯᠴᠠᠵᠤ ᠰᠤᠳᠤᠯᠤᠨ ᠶᠠᠷᠢᠯᠴᠠᠬᠤ᠂ ᠬᠥᠮᠥᠵᠢᠭᠦᠯᠦᠨ ᠪᠣᠯᠪᠠᠰᠤᠷᠠᠭᠤᠯᠬᠤ᠂ ᠤᠬᠠᠭᠤᠯᠤᠨ ᠲᠠᠶᠢᠯᠪᠤᠷᠢᠯᠠᠬᠤ ᠶᠢ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠲᠡᠦᠬᠡ ᠶᠢᠨ ᠵᠥᠪ ᠦᠵᠡᠯᠲᠡ ᠶᠢ ᠪᠤᠢ ᠪᠣᠯᠭᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾ ᠶᠢ ᠤᠯᠠᠮᠵᠢᠯᠠᠨ ᠰᠤᠷᠤᠯᠴᠠᠵᠤ᠂ ︽ᠦᠬᠠᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ︽ᠠᠵᠢᠯ ᠤᠨ ᠭᠤᠣᠯᠳᠠᠯᠭ᠎ᠠ︾ ᠳᠤ ᠲᠣᠳᠣᠷᠬᠠᠶᠢᠯᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠣᠰᠣᠭᠠᠷ᠂ ᠠᠵᠢᠯ ᠤᠨ ᠬᠦᠴᠦᠯᠡᠬᠦ‍ ᠴᠢᠭ ᠪᠣᠯᠣᠨ ᠬᠦᠴᠦᠯᠡᠬᠦ‍ ᠴᠢᠭ ᠢᠶᠠᠨ ᠣᠨᠣᠪᠴᠢᠲᠠᠢ ᠡᠷᠢᠨ ᠪᠣᠳᠠᠲᠠᠢ ᠣᠯᠵᠤ᠂ ᠦᠬᠠᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠠᠵᠢᠯ ᠤᠨ ᠪᠠᠶᠢᠳᠠᠯ ᠳᠠᠭᠠᠨ ᠦᠳᠲᠡᠷ ᠲᠦᠷᠭᠡᠨ ᠣᠷᠣᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠴᠠᠭ ᠤᠨ ᠬᠢᠵᠠᠭᠠᠷ ᠡᠭᠦᠷᠭᠡ᠂ ᠬᠠᠷᠢᠭᠤᠴᠠᠯᠭ᠎ᠠ ᠪᠠᠨ ᠲᠣᠭᠲᠠᠭᠠᠵᠤ᠂ ᠨᠡᠩ ᠪᠣᠳᠠᠲᠠᠢ ᠨᠡᠩ ᠨᠠᠷᠢᠯᠢᠭ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠢᠩᠬᠢᠮ ᠲᠣᠪᠴᠢᠶ᠎ᠠ ᠲᠠᠢ ᠨᠢᠭᠲᠠ ᠵᠣᠯᠭᠠᠭᠤᠯᠵᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠭᠦᠢᠴᠡᠳ ᠰᠠᠶᠢᠲᠤᠷ ᠬᠡᠷᠡᠭᠯᠡᠵᠦ᠂ ᠠᠵᠤ ᠠᠬᠤᠢ ᠶᠢᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ᠂ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ᠂ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠶᠢᠨ ᠡᠬᠢᠯᠡᠯᠲᠡ᠂ ᠲᠤᠭᠳᠠᠭᠤᠨ ᠡᠭᠢᠯᠡᠯᠳᠡ ᠶᠢ ᠦᠨᠡᠨᠬᠦ ᠪᠠᠲᠤᠯᠠᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠣᠨ ︽ᠦᠷᠭᠦᠯᠵᠢ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠪᠠᠶᠢᠬᠤ︾ ᠪᠠᠶᠢᠳᠠᠯ ᠢᠶᠠᠷ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠨᠴᠠᠭᠠᠢ ᠴᠠᠭ ᠠᠭᠤᠷ ᠢ ᠠᠷᠭᠠᠴᠠᠭᠠᠨ ᠰᠡᠷᠭᠡᠶᠢᠯᠡᠬᠦ ᠠᠵᠢᠯ  ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢᠶᠠᠨ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ 2023 ᠣᠨ ᠤ ᠪᠦᠬᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ ᠲᠦᠷᠦ ᠶᠢᠨ ᠨᠠᠮ ᠤᠨ ᠵᠥᠪᠯᠡᠯᠭᠡᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡᠨ ᠤ ᠲᠥᠯᠥᠪᠯᠡᠭᠡ︾ ︽2024 ᠣᠨ ᠤ ᠲᠦᠷᠦ ᠶᠢᠨ ᠨᠠᠮ ᠤᠨ ᠵᠥᠪᠯᠡᠯᠭᠡᠨ ᠤ ᠲᠥᠯᠥᠪᠯᠡᠭᠡ︾ ᠶᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠬᠤ ᠶᠢ ᠪᠠᠷᠢᠮᠲᠠᠯᠠᠵᠤ᠂ ︽ᠭᠤᠣᠯ ᠰᠢᠵᠢᠮ︾ ᠪᠣᠯᠣᠨ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠬᠦ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠯᠡᠬᠦ‍ ᠴᠢᠭ ᠢᠶᠠᠨ ᠣᠨᠣᠪᠴᠢᠲᠠᠢ ᠣᠯᠵᠤ᠂ ᠵᠥᠪᠯᠡᠯᠭᠡ ᠬᠢᠬᠦ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠪᠣᠳᠠᠲᠤ ᠪᠠᠶᠢᠳᠠᠯ ᠢ ᠨᠡᠩ ᠰᠠᠶᠢᠲᠤᠷ ᠣᠶᠢᠯᠠᠭᠠᠬᠤ᠂ ᠰᠠᠨᠠᠯ ᠰᠠᠨᠠᠭᠤᠯᠭ᠎ᠠ ᠳᠤᠷᠠᠳᠬᠤ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠬᠦ ᠶᠢ ᠠᠬᠢᠭᠤᠯᠵᠤ᠂ ᠦᠬᠠᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠤᠶᠤᠨ ᠤᠬᠠᠭᠠᠨ ᠪᠠ ᠬᠦᠴᠦᠨ ᠴᠢᠳᠠᠯ ᠢ ᠨᠢ ᠨᠢᠭᠲᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠪᠡᠯᠡᠳᠬᠡᠯ ᠠᠵᠢᠯ ᠤᠨ ᠬᠤᠯᠪᠣᠭᠳᠠᠯ ᠪᠦᠬᠦᠢ ᠵᠦᠢᠯᠡᠰ  ᠤᠨ ᠮᠡᠳᠡᠬᠦᠯᠦᠯᠳᠡ ᠶᠢ ᠰᠣᠨᠣᠰᠴᠤ᠂ ︽ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ᠢ ᠤᠯᠠᠮᠵᠢᠯᠠᠭᠰᠠᠨ ᠪᠥᠭᠡᠳ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠬᠠᠢ ᠲᠣᠬᠢᠷᠠᠭᠤᠯᠤᠯᠲᠠ ᠬᠢᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号