ᠼᠦᠢ ᠵᠢᠩ ᠶᠢᠩ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/2/22
     2 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠬᠦᠷᠴᠦ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠭᠤᠸ ᠪᠥᠸᠧ ᠣᠷᠣᠯᠴᠠᠪᠡ᠃      ᠼᠦᠢ ᠵᠢᠩ ᠶᠢᠩ ᠨᠠᠷ ᠰᠠᠯᠠᠭ᠎ᠠ ᠮᠥᠴᠢᠷ ᠤᠨ ᠺᠠᠳ᠋ᠷ ᠤᠨ ᠡᠩᠨᠡᠭᠡ᠂ ᠲᠥᠬᠦᠭᠡᠷᠦᠮᠵᠢ ᠶᠢᠨ ᠲᠣᠬᠢᠷᠠᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠳᠠᠷᠠᠭ᠎ᠠ  ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ 2024 ᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠬᠦᠯᠦᠯᠳᠡ ᠶᠢ ᠰᠣᠨᠣᠰᠪᠠ᠃      ᠼᠦᠢ ᠵᠢᠩ ᠶᠢᠩ ᠬᠡᠯᠡᠭᠰᠡᠨ ᠨᠢ᠂ ᠠᠵᠤ ᠦᠢᠯᠡᠳᠪᠦᠷᠢ ᠲᠣᠭᠲᠠᠭᠤᠨ ᠪᠣᠯ ᠠᠵᠤ ᠠᠬᠤᠢ ᠲᠣᠭᠲᠠᠭᠤᠨ᠂ ᠠᠵᠤ ᠦᠢᠯᠡᠳᠪᠦᠷᠢ ᠬᠦᠴᠦᠷᠬᠡᠭ ᠪᠣᠯ ᠠᠵᠤ ᠠᠬᠤᠢ ᠬᠦᠴᠦᠷᠭᠡᠭ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠠᠷᠭ᠎ᠠ ᠪᠦᠬᠦᠨ ᠢ ᠰᠦᠪᠡᠭᠴᠢᠯᠡᠨ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠳᠠᠷᠤᠯᠲᠠ ᠶᠢ ᠦᠷᠭᠦᠯᠵᠢᠯᠡᠨ ᠳᠠᠮᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠢ ᠨᠠᠷᠢᠨ ᠬᠢᠨᠠᠮᠠᠭᠠᠢ ᠡᠮᠬᠢᠯᠡᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠬᠡᠪᠴᠢᠶ᠎ᠡ ᠪᠠᠨ ᠲᠡᠭᠡᠭᠰᠢᠯᠡᠬᠦᠯᠵᠦ ᠲᠤᠭ᠎ᠠ ᠪᠦᠷᠢᠳᠭᠡᠯ ᠳᠤ ᠣᠷᠣᠭᠤᠯᠬᠤ︾ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠳᠦᠭᠡᠷ ᠤᠯᠠᠷᠢᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠡᠭᠢᠯᠡᠯᠳᠡ᠂ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠲᠠᠬᠢᠨ ᠪᠤᠶᠢᠵᠢᠭᠤᠯᠬᠤ  ᠪᠠᠨ ᠲᠦᠷᠭᠡᠳᠬᠡᠵᠦ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠵᠦ ᠲᠠᠬᠢᠨ ᠵᠣᠬᠢᠶᠠᠨ ᠪᠠᠶᠢᠭᠤᠯᠬᠤ᠂ ᠦᠢᠯᠡᠳᠬᠦ ᠦᠢᠯᠡᠰ ᠤᠨ ︽ᠣᠶᠣᠨᠴᠢᠯᠠᠯᠳᠠ ᠪᠠᠷ ᠬᠤᠪᠢᠷᠠᠭᠤᠯᠵᠤ ᠲᠤᠭᠠᠵᠢᠯᠳᠡ ᠪᠠᠷ ᠰᠠᠶᠢᠵᠢᠷᠠᠭᠤᠯᠬᠤ︾᠂ ᠠᠵᠤ ᠠᠬᠤᠶᠢᠯᠠᠯ ᠤᠨ ᠡᠨᠧᠷᠭᠢ ᠠᠷᠪᠢᠯᠠᠵᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠬᠤ ᠶᠢ ᠠᠬᠢᠭᠤᠯᠬᠤ ᠬᠡᠷᠡᠭᠲᠡᠢ᠃ ᠬᠡᠯᠬᠢᠶ᠎ᠡ ᠶᠢᠨ ᠰᠡᠳᠬᠢᠬᠦᠢ ᠪᠠᠷ ᠠᠵᠤ ᠦᠢᠯᠡᠰ ᠢ ᠠᠳᠬᠤᠵᠤ᠂ ︽ᠬᠡᠯᠬᠢᠶ᠎ᠡ  ᠶᠢᠨ ᠳᠠᠷᠤᠭ᠎ᠠ ᠶᠢᠨ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠠᠬᠢᠭᠤᠯᠵᠤ᠂ ᠬᠡᠯᠬᠢᠶ᠎ᠡ ᠶᠢᠨ ᠭᠤᠣᠯ ᠠᠵᠤ ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠬᠡᠯᠬᠢᠶ᠎ᠡ ᠪᠠᠨ ᠣᠷᠳᠣᠳᠬᠠᠬᠤ ᠬᠡᠯᠬᠢᠶ᠎ᠡ ᠪᠠᠨ ᠨᠦᠬᠦᠪᠦᠷᠢᠯᠡᠬᠦ ᠬᠡᠯᠬᠢᠶ᠎ᠡ  ᠪᠠᠨ ᠴᠢᠩᠭᠠᠳᠬᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠦᠷᠭᠦᠯᠵᠢᠯᠡᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ BDO᠂ ᠣᠷᠭᠠᠨᠢᠭ ᠴᠠᠬᠢᠭᠤᠷ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠪᠠᠨ ᠰᠢᠯᠤᠭᠤᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠢᠵᠢ ᠪᠦᠷᠢᠳᠦᠭᠦᠯᠬᠦ ᠪᠡᠯᠡᠳᠬᠡᠮᠵᠢ ᠪᠠᠨ ᠲᠦᠷᠭᠡᠳᠬᠡᠨ ᠲᠡᠭᠦᠯᠳᠡᠷᠵᠢᠭᠦᠯᠵᠦ᠂ ᠳᠤᠮᠳᠠᠴᠢ ᠭᠠᠷᠤᠯᠲᠠ ᠶᠢᠨ ᠦᠷ᠎ᠡ ᠠᠰᠢᠭ ᠢᠶᠠᠨ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠨᠢᠭᠡ ᠱᠠᠲᠤ ᠨᠢ ᠨᠢᠭᠡ ᠱᠠᠲᠤ ᠳᠠᠭᠠᠨ ᠳᠠᠭᠤᠷᠢᠶᠠᠯ ᠦᠵᠡᠭᠦᠯᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号