ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠲᠠᠷᠤᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 22 ᠤᠨ ᠡᠳᠦᠷ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠲᠠᠷᠤᠭ᠎ᠠ ᠶᠢᠨ ᠬᠤᠷᠠᠯ ᠬᠤᠷᠠᠯᠳᠣᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ 2024 ᠣᠨ ᠤ ᠭᠤᠣᠯᠳᠠᠯᠭ᠎ᠠ ᠲᠠᠢ ᠡᠭᠦᠷᠭᠡ ᠪᠠᠨ ᠲᠣᠬᠢᠷᠠᠭᠤᠯᠤᠨ ᠪᠠᠶᠢᠷᠢᠯᠠᠭᠤᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠮᠧᠩ ᠫᠧᠢ ᠶᠦᠨ ᠬᠡᠯᠡᠭᠰᠡᠨ ᠨᠢ᠂ 2023 ᠣᠨ ᠳᠤ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠬᠦ ᠲᠠᠯ᠎ᠠ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠶᠡᠭᠡ ᠬᠦᠴᠦᠨ ᠢ ᠬᠤᠷᠠᠮᠳᠤᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ 2024 ᠣᠨ ᠳᠤ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡᠬᠦ ᠬᠠᠮᠤᠭ ᠤᠨ ᠶᠡᠭᠡ ᠤᠯᠤᠰ ᠲᠦᠷᠦ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠦ ᠦᠨᠳᠦᠰᠦ ᠰᠠᠭᠤᠷᠢ ᠪᠠᠨ ᠪᠠᠲᠤᠳᠬᠠᠬᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠵᠤ ᠰᠦᠭ ᠰᠦᠨᠡᠰᠦ ᠪᠠᠨ ᠱᠤᠭᠤᠵᠤ ᠬᠥᠮᠥᠨ ᠢ ᠬᠥᠮᠥᠵᠢᠭᠦᠯᠬᠦ᠂ ᠴᠢᠳᠠᠪᠬᠢ ᠶᠢᠨ ᠲᠡᠰ ᠲᠠᠢ ᠬᠤᠳᠠ ᠶᠢᠨ ᠳᠦᠷᠢ ᠲᠥᠷᠬᠦ ᠶᠢ ᠱᠤᠭᠤᠬᠤ ︽ᠭᠤᠷᠪᠠᠨ ᠶᠡᠭᠡ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ᠂ ᠡᠯᠡᠰᠦᠨ ᠴᠥᠯ ᠤᠨ ᠦᠵᠦᠮ ᠤᠨ ᠠᠷᠢᠬᠢ ᠶᠢᠨ ᠬᠤᠲᠠ᠂ ︽ᠪᠦᠬᠦ ᠠᠷᠠᠳ ᠤᠨ ᠨᠤᠮ ᠤᠩᠰᠢᠯᠭ᠎ᠠ· ᠪᠢᠴᠢᠭ ᠤᠨ ᠦᠨᠦᠷ ᠬᠠᠩᠬᠤᠯᠤᠭᠰᠠᠨ ᠦᠬᠠᠢ︾ ᠪᠣᠯᠣᠨ ︽ᠡᠯᠡᠰᠦᠨ ᠴᠥᠯ ᠳᠤ ᠮᠤᠷᠢᠯᠠᠨ ᠳᠠᠯᠠᠶ ᠶᠢ ᠦᠵᠡᠬᠦ︾ ᠰᠣᠶᠣᠯ ᠵᠢᠭᠤᠯᠴᠢᠯᠠᠯ ᠤᠨ ︽ᠳᠥᠷᠪᠡᠨ ᠶᠡᠭᠡ ᠨᠡᠷᠡᠲᠦ ᠲᠡᠮᠳᠡᠭ︾ ᠢ ᠦᠷᠭᠦᠯᠵᠢᠯᠡᠨ ᠠᠯᠳᠠᠷᠰᠢᠭᠤᠯᠵᠤ᠂ ᠨᠠᠮ ᠤᠨ ᠤᠨᠤᠯ ᠢᠶᠠᠷ ᠰᠢᠨ᠎ᠡ ᠶᠢ ᠡᠭᠦᠳᠴᠦ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠠᠵᠢᠯᠯᠠᠭ᠎ᠠ᠂ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠵᠤ ᠬᠦᠨᠵᠡᠭᠡᠢ ᠪᠣᠶᠢᠵᠢᠭᠤᠯᠬᠤ ᠠᠵᠢᠯᠯᠠᠭ᠎ᠠ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠠᠵᠢᠯᠯᠠᠭ᠎ᠠ ᠵᠡᠷᠭᠡ ︽ᠲᠤᠯᠤᠭᠠᠨ ᠶᠡᠭᠡ ᠠᠵᠢᠯᠯᠠᠭ᠎ᠠ︾ ᠶᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠤᠨ ᠰᠠᠶᠢᠲᠤᠷ ᠬᠡᠷᠡᠭᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠪᠠ ᠠᠰᠢᠭᠲᠠᠢ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号