︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ ᠴᠠᠭᠠᠨ ᠰᠠᠷ᠎ᠠ ᠶᠢ ᠪᠡᠯᠭᠡᠯᠡᠶ᠎ᠡ︾ ᠸᠠᠩ ᠵᠠᠩ ᠢ ᠶᠢᠨ ᠬᠢᠲᠠᠳ ᠵᠢᠷᠤᠭ ᠤᠨ ᠵᠣᠬᠢᠶᠠᠨ ᠪᠦᠲᠦᠭᠡᠯᠭᠡ ᠶᠢᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 21 ᠤ ᠡᠳᠦᠷ᠂ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ· ᠴᠠᠭᠠᠨ ᠰᠠᠷ᠎ᠠ ᠶᠢ ᠪᠡᠯᠭᠡᠯᠡᠶ᠎ᠡ︾ ᠸᠠᠩ ᠵᠠᠩ ᠢ ᠶᠢᠨ ᠬᠢᠲᠠᠳ ᠵᠢᠷᠤᠭ ᠤᠨ ᠵᠣᠬᠢᠶᠠᠨ ᠪᠦᠲᠦᠭᠡᠯᠭᠡ ᠶᠢᠨ ᠦᠵᠡᠭᠦᠯᠦᠯᠭᠡ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠠᠷᠤᠭ᠎ᠠ ᠯᠢᠦ ᠸᠧᠨ ᠵᠢᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠳᠡᠳ᠋ ᠳᠠᠷᠤᠭ᠎ᠠ ᠴᠧᠨ ᡁᠢ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ ᠳᠠᠷᠤᠭ᠎ᠠ ᠯᠢᠦ ᠬᠦᠸᠧ ᠴᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠱᠣ᠋ ᠫᠢᠩ᠂ ᠹᠦ᠋ ᠲᠢᠩ ᠯᠢᠨ ᠠᠵᠢᠯᠯᠠᠭ᠎ᠠ ᠳᠤ ᠣᠷᠣᠯᠴᠠᠪᠠ᠃      ᠸᠠᠩ ᠵᠠᠩ ᠢ ᠪᠣᠯ ᠮᠠᠨ ᠤ ᠬᠤᠲᠠ ᠶᠢᠨ ᠠᠯᠳᠠᠷᠲᠤ ᠵᠢᠷᠤᠭᠴᠢᠨ᠂ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠤᠯᠤᠰ ᠤᠨ ᠳᠡᠭᠡᠳᠦ ᠵᠡᠷᠭᠡ ᠶᠢᠨ ᠤᠷᠠᠨ ᠵᠢᠷᠤᠭᠴᠢᠨ᠂ ᠥᠪᠥᠷ ᠮᠣᠩᠭᠤᠯ ᠤᠨ ᠰᠣᠶᠣᠯ ᠲᠡᠦᠬᠡ ᠶᠢᠨ ᠰᠤᠳᠤᠯᠭᠠᠨ ᠤ ᠭᠠᠵᠠᠷ ᠤᠨ ᠠᠵᠢᠯᠲᠠᠨ᠂ ᠬᠤᠲᠠ ᠶᠢᠨ ᠤᠷᠠᠨ ᠵᠢᠷᠤᠭᠴᠢᠳ ᠤᠨ ᠨᠡᠶᠢᠭᠡᠮᠯᠢᠭ ᠤᠨ ᠨᠡᠷ᠎ᠡ ᠬᠦᠨᠳᠦᠲᠦ ᠲᠡᠷᠢᠭᠦᠯᠡᠭᠴᠢ᠂ ᠲᠣᠣᠷᠠᠢ ᠮᠤᠲᠤ ᠠᠭᠤᠯᠠ ᠤᠰᠤᠨ ᠤ ᠳᠣᠷᠣᠨᠠᠳᠠᠬᠢᠨ ᠤ ᠵᠢᠷᠤᠭ ᠤᠨ ᠬᠦᠷᠢᠶᠡᠯᠡᠩ ᠤᠨ ᠳᠠᠷᠤᠭ᠎ᠠ᠂ ᠲᠣᠣᠷᠠᠢ ᠶᠢᠨ ᠮᠤᠲᠤ ᠠᠭᠤᠯᠠ ᠤᠰᠤ᠂ ᠪᠠᠷᠠᠭᠤᠨ ᠣᠷᠣᠨ ᠤ ᠠᠭᠤᠯᠠ ᠤᠰᠤᠨ ᠤ ᠵᠣᠬᠢᠶᠠᠨ ᠪᠦᠲᠦᠭᠡᠯᠭᠡ ᠪᠠ ᠰᠤᠳᠤᠯᠭᠠᠨ ᠳᠤ ᠣᠷᠳᠣ ᠬᠤᠭᠤᠴᠠᠭ᠎ᠠ ᠪᠠᠷ ᠵᠢᠳᠬᠦᠵᠦ᠂ ᠪᠥᠬᠦ ᠤᠯᠤᠰ᠂ ᠪᠥᠬᠦ ᠣᠷᠣᠨ ᠤ ᠵᠢᠷᠤᠭ ᠤᠨ ᠦᠵᠡᠬᠦᠯᠦᠯᠭᠡ ᠳᠤ ᠣᠯᠠᠨ ᠤᠳᠠᠭ᠎ᠠ ᠰᠣᠩᠭᠤᠭᠳᠠᠨ᠂ ᠤᠯᠠᠨ ᠪᠦᠲᠦᠭᠡᠯ ᠢ ᠨᠢ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ᠂ ᠴᠢ ᠯᠦ ᠶᠢᠨ ᠤᠷᠠᠨ ᠵᠢᠷᠤᠭ ᠤᠨ ᠣᠷᠳᠣᠨ ᠵᠡᠷᠭᠡ ᠤᠯᠤᠰ ᠤᠨ ᠳᠣᠲᠣᠭᠠᠳᠤ ᠶᠢᠨ ᠡᠷᠬᠡ ᠰᠦᠷᠲᠦ ᠪᠠᠶᠢᠭᠤᠯᠤᠮᠵᠢ ᠬᠠᠳᠠᠭᠠᠯᠠᠪᠠ᠃      ᠲᠤᠰ ᠤᠳᠠᠭᠠᠨ ᠤ ᠦᠵᠡᠭᠦᠯᠦᠯᠭᠡ ᠳᠤ ᠨᠡᠶᠢᠲᠡ 130 ᠭᠠᠷᠤᠢ ᠦᠵᠡᠵᠦ ᠵᠢᠷᠤᠭᠰᠠᠨ ᠪᠠ ᠵᠣᠬᠢᠶᠠᠨ ᠪᠦᠲᠦᠭᠡᠭᠰᠡᠨ ᠪᠦᠲᠦᠭᠡᠯ ᠢ ᠳᠡᠯᠭᠡᠨ ᠦᠵᠡᠭᠦᠯᠵᠦ᠂ ᠤᠷᠠᠨ ᠪᠦᠲᠦᠭᠡᠯ ᠤᠨ ᠬᠡᠪ ᠨᠠᠮᠪᠠ ᠨᠢ ᠣᠯᠠᠨ ᠶᠠᠩᠵᠤ ᠶᠢᠨ᠂ ᠭᠤᠣᠯ ᠰᠡᠳᠦᠪ ᠨᠢ ᠢᠯᠡ ᠲᠣᠳᠣ᠂ ᠪᠢᠷ ᠬᠡᠷᠡᠭᠯᠡᠭᠰᠡᠨ ᠨᠢ ᠤᠷᠠᠨ ᠨᠠᠷᠢᠯᠢᠭ᠂ ᠤᠳᠬ᠎ᠠ ᠰᠠᠨᠠᠭ᠎ᠠ ᠨᠢ ᠭᠦᠨ ᠵᠤᠵᠠᠭᠠᠨ ᠪᠠᠶᠢᠳᠠᠭ᠃ ᠸᠠᠩ ᠵᠠᠩ ᠢ ᠶᠢᠨ 20 ᠵᠢᠯ ᠤᠨ ᠲᠤᠷᠰᠢᠬᠢ ᠦᠵᠡᠵᠦ ᠵᠢᠷᠤᠭᠰᠠᠨ ᠪᠠ ᠵᠣᠬᠢᠶᠠᠨ ᠪᠦᠲᠦᠭᠡᠭᠰᠡᠨ ᠬᠡᠳᠦᠨ ᠮᠢᠩᠭᠠᠨ ᠪᠦᠲᠦᠭᠡᠯ ᠤᠨ ᠳᠣᠲᠣᠷᠠᠬᠢ ᠰᠣᠳᠣᠨ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠡᠭᠦᠨ ᠤ ᠳᠤᠮᠳᠠ ᠠᠴᠠ ᠪᠠᠶᠢᠭᠠᠯᠢ ᠶᠢᠨ ᠭᠤᠶᠢᠳᠠ ᠰᠠᠶᠢᠬᠠᠨ ᠠᠭᠤᠷ ᠠᠮᠢᠰᠬᠤᠯ ᠪᠠ ᠠᠮᠢᠳᠤᠷᠠᠯ ᠤᠨ ᠭᠤᠶᠢᠳᠠ ᠰᠠᠶᠢᠬᠠᠨ ᠥᠩᠭᠡ ᠭᠢᠯᠪᠠᠭ᠎ᠠ ᠶᠢ ᠣᠶᠢᠯᠠᠭᠠᠵᠤ ᠪᠣᠯᠬᠤ ᠮᠥᠷᠲᠡᠭᠡᠨ ᠪᠠᠰᠠ ᠵᠣᠬᠢᠶᠠᠭᠴᠢ ᠶᠢᠨ ᠪᠢᠷ ᠪᠡᠬᠡᠰ ᠤᠨ ᠦᠨᠡᠨ ᠰᠡᠳᠬᠢᠯᠭᠡ ᠪᠠ ᠤᠯᠤᠰ ᠭᠡᠷ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠣᠶᠢᠯᠠᠭᠠᠵᠤ᠂ ᠳᠤᠮᠳᠠᠳᠤ ᠤᠯᠤᠰ ᠤᠨ ᠤᠷᠠᠨ ᠵᠢᠷᠤᠭ ᠤᠨ ᠤᠷᠠᠯᠢᠭ ᠢ ᠤᠯᠠᠮᠵᠢᠯᠠᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠰᠣᠶᠣᠯ ᠢ ᠴᠣᠭᠴᠠᠯᠠᠬᠤ᠂ ᠮᠠᠨ ᠤ ᠬᠤᠲᠠ ᠶᠢᠨ ᠤᠷᠠᠨ ᠵᠢᠷᠤᠭ ᠤᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号