ᠼᠦᠢ ᠵᠢᠩ ᠶᠢᠩ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠠᠷᠤᠭ᠎ᠠ ᠯᠢᠦ ᠸᠧᠨ ᠵᠢᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠠᠷᠤᠭ᠎ᠠ ᠯᠢᠦ ᠸᠧᠨ ᠵᠢᠢ ᠨᠠᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠮᠧᠩ ᠫᠧᠢ ᠶᠦᠨ᠂ ᠵᠠᠩ ᠮᠢᠩ ᠮᠢᠩ ᠣᠷᠣᠯᠴᠠᠪᠡ᠃      ᠼᠦᠢ ᠵᠢᠩ ᠶᠢᠩ ᠯᠢᠦ ᠸᠧᠨ ᠵᠢᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠷᠭᠡᠶᠢᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠤ ᠤᠷᠳᠤ ᠬᠤᠭᠤᠴᠠᠭᠠᠨ ᠤ ᠲᠤᠷᠰᠢ ᠦᠬᠠᠢ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠬᠤᠲᠠ ᠪᠣᠯ ᠲᠡᠦᠬᠡ ᠰᠣᠶᠣᠯ ᠢᠶᠠᠷ ᠵᠤᠵᠠᠭᠠᠨ᠂ ᠰᠣᠶᠣᠯ ᠤᠨ ᠨᠡᠭᠡᠭᠡᠯᠲᠡᠲᠡᠢ ᠪᠠᠭᠲᠠᠭᠠᠮᠵᠢᠲᠠᠢ ᠬᠤᠲᠠ ᠮᠥᠨ᠂ ᠪᠢᠳᠡ ᠤᠮᠠᠷᠠᠲᠤ ᠬᠢᠯᠢ ᠶᠢᠨ ᠰᠣᠶᠣᠯ ᠢ ᠶᠡᠭᠡ ᠪᠠᠷ ᠬᠥᠭᠵᠢᠭᠦᠯᠦᠨ ᠮᠠᠨᠳᠤᠭᠤᠯᠵᠤ᠂ ᠬᠠᠲᠤᠨ ᠭᠤᠣᠯ ᠤᠨ ᠰᠣᠶᠣᠯ᠂ ᠤᠷᠠᠨ ᠪᠢᠴᠢᠯᠭᠡ ᠶᠢᠨ ᠰᠣᠶᠣᠯ᠂ ᠦᠢᠯᠡᠳᠪᠦᠷᠢ ᠠᠭᠤᠷᠬᠠᠢ ᠶᠢᠨ ᠰᠣᠶᠣᠯ ᠢ ᠭᠦᠨᠵᠡᠭᠡᠢ ᠠᠭᠤᠳᠠᠯᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ︾ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠢ ᠲᠤᠶᠢᠯ ᠤᠨ ᠥᠷᠭᠡᠨ ᠠᠭᠤᠳᠠᠮ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠡᠦᠬᠡ ᠶᠢᠨ ᠰᠤᠳᠤᠯᠭᠠᠨ ᠤ ᠣᠷᠳᠣᠨ ᠲᠤᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠥᠩᠭᠡᠷᠡᠭᠰᠡᠨ ᠤ ᠬᠠᠮᠲᠤᠷᠠᠯᠴᠠᠭᠠᠨ ᠤ ᠰᠠᠭᠤᠷᠢᠨ ᠳᠡᠭᠡᠷ᠎ᠡ  ᠪᠠᠨ ᠦᠬᠠᠢ ᠶᠢᠨ ᠣᠨᠴᠠᠯᠢᠭᠲᠤ ᠰᠣᠶᠣᠯ ᠠᠴᠠ ᠨᠡᠩ ᠤᠯᠠᠨ ᠭᠠᠷᠳᠠᠴᠠ ᠣᠯᠵᠤ᠂ ᠨᠡᠩ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠡᠭᠦᠳᠴᠦ᠂ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠯᠢᠦ ᠸᠧᠨ ᠵᠢᠢ ᠢᠯᠡᠷᠭᠡᠶᠢᠯᠡᠭᠰᠡᠨ ᠨᠢ᠂ ᠦᠬᠠᠢ ᠯᠤᠭ᠎ᠠ ᠰᠣᠳᠣᠯᠭᠠᠨ ᠤ ᠣᠷᠳᠣᠨ ᠣᠷᠣᠨ ᠨᠤᠲᠤᠭ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠣᠶᠣᠯ ᠤᠨ ᠰᠣᠳᠣᠨ ᠪᠦᠲᠦᠭᠡᠯ ᠢ ᠡᠭᠦᠳᠴᠦ᠂ ︽ᠰᠣᠶᠣᠯ ᠤᠨ ᠬᠥᠳᠡᠯᠭᠡᠬᠦ ᠴᠢᠳᠠᠪᠤᠷᠢ︾ ᠪᠠᠷ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠴᠢᠳᠠᠪᠤᠷᠢ ᠣᠯᠭᠤᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号