ᠼᠦᠢ ᠵᠢᠩ ᠶᠢᠩ ᠪᠥᠬᠦ ᠬᠤᠲᠠ ᠶᠢᠨ ᠬᠢᠨᠠᠨ ᠪᠤᠲᠤᠯᠳᠠ ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠬᠢᠨᠠᠨ ᠪᠤᠳᠤᠬᠤ ᠲᠣᠪᠴᠢᠶ᠎ᠠ ᠳᠤ ᠬᠦᠷᠴᠦ ᠪᠥᠬᠦ ᠬᠤᠲᠠ ᠶᠢᠨ ᠬᠢᠨᠠᠨ ᠪᠤᠲᠤᠯᠳᠠ  ᠶᠢᠨ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠣᠷᠣᠯᠴᠠᠪᠡ᠃      ᠼᠦᠢ ᠵᠢᠩ ᠶᠢᠩ ᠨᠠᠷ ᠬᠤᠳᠠ ᠶᠢᠨ ᠬᠢᠨᠠᠨ ᠪᠤᠳᠤᠬᠤ ᠲᠣᠪᠴᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠨᠠᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠰᠣᠶᠣᠯ ᠤᠨ ᠪᠠᠶᠢᠭᠤᠯᠤᠯᠲᠠ᠂ ᠬᠢᠨᠠᠨ ᠪᠤᠲᠤᠯᠳᠠ ᠶᠢᠨ ᠲᠤᠭ᠎ᠠ ᠪᠦᠷᠢᠳᠭᠡᠯ ᠤᠨ ᠵᠠᠳᠠᠯᠤᠯᠲᠠ ᠬᠡᠷᠡᠭᠯᠡᠯᠲᠡ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ  ᠲᠤᠨᠢ ᠣᠶᠢᠯᠠᠭᠠᠵᠤ᠂ ᠳᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ 2024 ᠣᠨ ᠤ ᠬᠢᠨᠠᠨ ᠪᠤᠲᠤᠯᠳᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠬᠦᠯᠦᠯᠳᠡ ᠶᠢ ᠰᠣᠨᠣᠰᠪᠠ᠃      ᠼᠦᠢ ᠵᠢᠩ ᠬᠡᠯᠡᠭᠰᠡᠨ ᠨᠢ ᠬᠢᠨᠠᠨ ᠪᠣᠳᠣᠬᠤ ᠪᠠᠶᠢᠭᠤᠯᠭ᠎ᠠ ᠪᠣᠯ ᠬᠢᠨᠠᠯᠲᠠ ᠲᠠᠯᠪᠢᠬᠤ ᠪᠠᠶᠢᠭᠤᠯᠤᠯᠭ᠎ᠠ ᠮᠥᠨ᠂ ᠨᠡᠩ ᠴᠤ ᠤᠯᠤᠰ ᠲᠦᠷᠦ ᠶᠢᠨ ᠪᠠᠶᠢᠭᠤᠯᠭ᠎ᠠ ᠪᠣᠯᠣᠨ᠎ᠠ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠰᠢᠭᠤᠷᠬᠠᠢ ᠪᠠᠷ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠨᠠᠷ ᠰᠠᠶᠢᠲᠠᠢ ᠬᠢᠨᠠᠨ ᠪᠤᠳᠤᠬᠤ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠯᠤᠭ᠎ᠠ ᠪᠠᠷᠢᠮᠵᠢᠶᠠᠯᠠᠨ ᠬᠠᠷᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠬᠢᠨᠠᠨ ᠪᠣᠳᠣᠯᠲᠠ᠂ ᠲᠦᠷᠦᠯ ᠵᠦᠢᠯ ᠤᠨ ᠬᠢᠨᠠᠨ ᠪᠣᠳᠣᠯᠲᠠ᠂ ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠨᠠᠨ ᠪᠣᠳᠣᠯᠲᠠ ᠶᠢᠨ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠳᠠᠬᠢ ᠴᠢᠬᠤᠯᠠ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠠᠰᠠᠭᠤᠳᠠᠯ ᠢ ᠢᠯᠡᠷᠡᠭᠦᠯᠵᠦ᠂ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠬᠢᠨᠠᠨ ᠪᠣᠳᠣᠯᠲᠠ ᠶᠢᠨ ᠦᠷ᠎ᠡ ᠪᠦᠲᠦᠭᠡᠯ ᠢᠶᠠᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠵᠡᠷᠭᠡ ᠶᠢ ᠵᠣᠯᠭᠠᠭᠤᠯᠤᠨ ᠬᠠᠮᠵᠢᠯᠴᠠᠭᠤᠯᠬᠤ ᠶᠢ ᠠᠬᠢᠭᠤᠯᠵᠤ᠂ ᠬᠠᠮᠵᠢᠯᠴᠠᠨ ᠬᠠᠮᠲᠤᠷᠠᠯᠴᠠᠬᠤ ︽ᠶᠡᠭᠡ ᠬᠢᠨᠠᠯᠲᠠ︾ ᠶᠢᠨ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠬᠢᠨᠠᠨ ᠪᠤᠳᠤᠬᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ  ᠢᠶᠠᠨ ᠴᠢᠩᠭᠠᠳᠬᠠᠵᠤ᠂ ᠠᠷᠢᠭᠤᠨ ᠴᠢᠬᠡᠴᠢ ᠶᠢᠨ ᠤᠬᠠᠮᠰᠠᠷ ᠢᠶᠠᠨ ᠪᠠᠲᠤᠳᠬᠠᠵᠤ᠂ ᠬᠡᠪ ᠴᠢᠨᠠᠷ ᠢᠶᠠᠷ ᠰᠠᠶᠢᠨ᠂ ᠬᠡᠪ ᠰᠤᠷᠲᠠᠯ ᠢᠶᠠᠷ ᠰᠢᠯᠢᠳᠡᠭ ᠰᠠᠶᠢᠨ ᠬᠢᠨᠠᠨ ᠪᠤᠳᠤᠬᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号