ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠣᠳᠠᠭᠠᠨ ᠤ ᠪᠠᠶᠢᠩᠭᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/23
     2 ᠰᠠᠷ᠎ᠠ ᠶᠢᠨ 22 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠣᠳᠠᠭᠠᠨ ᠤ ᠪᠠᠶᠢᠩᠭᠤ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠱᠣ᠋ ᠫᠢᠩ᠂ ᠹᠦ᠋ ᠲᠢᠩ ᠯᠢᠨ᠂ ᠦ᠋ ᠶᠧ ᠸᠧᠨ᠂ ᠸᠠᠩ ᠰᠢᠶᠠᠨ ᠭᠠᠩ᠂ ᠵᠠᠩ ᠮᠧᠩ ᠵᠢᠶᠠᠨ᠂ ᠵᠠᠩ ᠬᠤᠩ ᠪᠢᠨ᠂ ᠱᠣᠸ ᠵᠧᠩ ᠸᠧᠨ᠂ ᠯᠢ ᠾᠦᠢ ᠫᠢᠩ᠂ ᠭᠦᠸᠧ ᠴᠠᠩ ᠠᠨ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠵᠢᠴᠢ ᠪᠠᠶᠢᠩᠭᠤ ᠶᠢᠨ ᠭᠡᠰᠢᠭᠦᠨ ᠨᠡᠶᠢᠲᠡ 33 ᠬᠥᠮᠥᠨ ᠬᠤᠷᠠᠯ ᠳᠤ ᠣᠷᠣᠯᠴᠠᠪᠡ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠤᠬᠢᠶᠠᠯ ︽ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︾᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠬᠠᠢ ᠬᠤᠲᠠ ᠶᠢᠨ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠶᠢ ᠬᠢᠨᠠᠨ ᠵᠦᠪᠯᠡᠵᠦ ᠪᠠᠲᠤᠯᠠᠪᠠ᠃      ᠸᠠᠩ ᠸᠧᠨ ᠵᠢᠶᠧ ᠬᠡᠯᠡᠭᠰᠡᠨ ᠨᠢ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠬᠤ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠤᠨᠤᠯ ᠤᠨ ᠰᠤᠷᠤᠯᠴᠠᠯᠭ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ᠂ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠨ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠶᠠᠪᠤᠴᠠ ᠳᠤ ᠦᠨᠡᠨᠬᠦ ᠲᠤᠤᠱᠯᠠᠭᠤᠯᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ ᠪᠠᠶᠢᠬᠤ ᠶᠢ ᠪᠡᠶᠡᠯᠡᠬᠦᠯᠬᠦ ᠬᠡᠷᠡᠭᠲᠡᠢ︔ ᠬᠤᠪᠢ ᠬᠥᠮᠥᠨ ᠤ ᠬᠡᠪ ᠪᠣᠯᠪᠠᠰᠤᠷᠠᠯ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢ ᠰᠠᠬᠢᠵᠤ᠂ ᠶᠣᠰᠣ ᠳᠦᠷᠢᠮ ᠢ ᠡᠷᠬᠢᠮᠯᠡᠵᠦ᠂ ᠵᠠᠩ ᠰᠤᠷᠲᠠᠯ ᠢ ᠴᠢᠬᠤᠯᠠᠴᠢᠯᠠᠬᠤ ᠬᠡᠷᠡᠭᠲᠡᠢ︔ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠡᠳᠦᠷ ᠳᠤᠳᠤᠮ ᠤᠨ ᠠᠵᠢᠯ ᠤᠨ ᠳᠤᠮᠳᠠ ᠬᠤᠰᠢᠭᠤᠴᠢ ᠪᠣᠯᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠣᠨ ᠤ ᠠᠵᠢᠯ ᠤᠨ ᠭᠤᠣᠯᠳᠠᠯᠭ᠎ᠠ ᠪᠠ ᠵᠦᠪᠯᠡᠬᠦ ᠲᠥᠯᠥᠪᠯᠡᠭᠡ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠡ ᠨᠢᠭᠡ ᠡᠭᠦᠷᠭᠡ ᠪᠠᠨ ᠨᠢᠭᠡ ᠨᠢᠭᠡ ᠭᠤᠭᠴᠤᠭ᠎ᠠ ᠪᠠᠷ ᠠᠳᠬᠤᠵᠤ᠂ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号