ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/28
     2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ᠂ ᠭᠤᠸ ᠪᠥᠸᠧ᠂ ᠵᠠᠩ ᠸᠧᠢ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠣᠯᠣᠨ ︽ᠫᠦᠵᠢᠶᠠᠩ ᠤᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠦᠨᠳᠦ ᠠᠰᠠᠭᠤᠳᠠᠯ ᠢ ᠵᠠᠰᠠᠵᠤ ᠲᠠᠷᠣᠭᠳᠠᠮᠠᠯ ᠬᠡᠷᠡᠭ ᠢ ᠠᠷᠢᠯᠭᠠᠬᠤ︾ ᠲᠤᠰᠬᠠᠢ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠶᠢ ᠪᠡᠶᠡᠯᠡᠭᠦᠯᠵᠦ᠂ ᠵᠠᠬᠢᠳᠠᠯ ᠰᠣᠷᠪᠤᠯᠵᠢᠯᠠᠭ᠎ᠠ᠂ ᠡᠮᠬᠢ ᠳᠢᠭᠯᠢᠮ᠂ ᠲᠣᠭᠲᠠᠭᠤᠨ ᠤ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠲᠣᠭᠲᠠᠭᠤᠨ ᠪᠠᠶᠢᠳᠠᠯ ᠢ ᠡᠵᠡᠮᠳᠡᠨ ᠰᠢᠢᠳᠪᠦᠷᠢᠯᠡᠬᠦ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ᠂ ᠴᠤᠤᠷᠬᠠᠯ ᠤᠨ ᠲᠦᠷᠦᠯ ᠤᠨ ᠮᠡᠳᠡᠭᠡ ᠵᠠᠩᠭᠢ ᠪᠠ ᠰᠣᠷᠪᠤᠯᠵᠢᠯᠠᠭ᠎ᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠵᠠᠳᠠᠯᠤᠨ ᠰᠤᠳᠤᠯᠵᠤ ᠬᠢᠨᠠᠨ ᠪᠠᠶᠢᠴᠠᠭᠠᠵᠤ᠂ ᠴᠠᠭ ᠲᠤᠬᠠᠢ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠤᠷᠢᠳᠴᠢᠯᠠᠨ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠳᠠᠷᠠᠭᠠᠯᠠᠨ ᠪᠠᠶᠢᠴᠠᠭᠠᠬᠤ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠵᠥᠷᠢᠴᠡᠯ ᠢ ᠨᠠᠮᠳᠠᠭᠤᠯᠬᠤ᠂ ᠰᠣᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠵᠢᠵᠢᠭᠦᠷᠯᠡᠨ ᠰᠠᠬᠢᠵᠦ ᠰᠣᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠤᠯᠤᠰ ᠤᠨ ᠬᠤᠶᠠᠷ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号