ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/28
     2 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠠ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠴᠢᠭ ᠪᠠ ᠬᠦᠴᠦᠯᠡᠬᠦ‍ ᠴᠢᠭ ᠢᠶᠠᠨ ᠣᠨᠣᠪᠴᠢᠲᠠᠶ ᠡᠷᠢᠨ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠭᠠᠵᠠᠷ ᠰᠢᠷᠣᠢ ᠶᠢᠨ ᠬᠠᠮᠢᠶᠠᠷᠤᠯᠲᠠ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠬᠤ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠲᠤᠨᠤᠭ ᠲᠥᠬᠦᠭᠡᠷᠦᠮᠵᠢ ᠪᠠᠨ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ᠂ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠨᠢ ᠪᠠᠭᠤᠷᠠᠭᠤᠯᠬᠤ ᠵᠡᠷᠭᠡ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠣᠲᠣᠭᠠᠳᠤ ᠬᠡᠷᠡᠭᠴᠡᠭᠡ ᠶᠢ ᠴᠢᠨᠠᠭᠰᠢᠳᠠ ᠥᠷᠭᠡᠳᠬᠡᠵᠦ᠂ ᠬᠡᠷᠡᠭᠯᠡᠭᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠶᠠᠨ ᠬᠠᠳᠠᠨ ᠴᠢᠨᠠᠷ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠱᠦᠵᠢ ᠶᠢᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠤᠨ ᠮᠡᠳᠡᠭᠦᠯᠦᠯᠲᠡ  ᠶᠢ ᠬᠢᠨᠠᠨ ᠦᠵᠡᠬᠦ ᠦᠶ᠎ᠡ ᠳᠤ ᠲᠤᠷᠠᠳᠣᠭᠰᠠᠨ ᠴᠢᠬᠤᠯᠠ ᠱᠠᠭᠠᠷᠳᠠᠯᠭ᠎ᠠ ᠶᠢ ᠰᠠᠶᠢᠲᠤᠷ ᠰᠣᠷᠣᠯᠴᠠᠵᠤ ᠰᠠᠶᠢᠲᠤᠷ ᠲᠤᠤᠱᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠠᠮᠧᠷᠢᠺᠠ ᠶᠢᠨ ᠮᠠᠰᠺᠠᠲ᠋ᠢᠨ ᠳᠤᠮᠳᠠᠳᠤ ᠰᠤᠷᠭᠠᠭᠤᠯᠢ ᠶᠢᠨ ᠳᠤᠮᠳᠠᠳᠤ ᠤᠯᠤᠰ ᠲᠤ ᠠᠶᠢᠯᠴᠢᠯᠠᠬᠤ ᠲᠥᠯᠥᠭᠡᠯᠡᠭᠴᠢᠳ ᠤᠨ ᠪᠦᠯᠬᠦᠮ ᠤᠨ ᠰᠤᠷᠤᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠨᠡᠭᠡᠭᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠭᠠᠳᠠᠭᠠᠳᠤ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠬᠠᠢ ᠶᠢᠨ ᠦᠯᠢᠭᠡᠷ ᠢ ᠪᠦᠬᠦ ᠲᠠᠯ᠎ᠠ ᠪᠠᠷ ᠰᠠᠶᠢᠲᠤᠷ ᠶᠠᠷᠢᠵᠤ᠂ ᠦᠬᠠᠢ ᠶᠢᠨ ᠭᠠᠳᠠᠭᠠᠳᠤ ᠳᠠᠬᠢ ᠨᠥᠯᠥᠭᠡᠯᠡᠬᠦ ᠬᠦᠴᠦᠨ ᠪᠣᠯᠣᠨ ᠢᠷᠠᠭᠤ ᠠᠯᠳᠠᠷ ᠤᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ︽ᠦᠬᠠᠢ ᠬᠤᠳᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠦᠪᠵᠢᠭᠦᠯᠭᠡ ︵2023— 2027 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠲᠥᠰᠥᠯ︾ ᠢ ᠬᠢᠨᠠᠨ ᠵᠦᠪᠯᠡᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪ ᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠡᠯ᠎ᠡ ᠲᠦᠷᠦᠯ ᠤᠨ ᠪᠣᠯᠪᠠᠰᠤᠷᠠᠯ ᠤᠨ ᠲᠣᠬᠢᠷᠠᠭᠤᠯᠤᠯᠲᠠ ᠪᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠴᠢᠶᠡᠯ ᠤᠨ ᠲᠥᠯᠥᠪᠯᠡᠭᠡ ᠪᠠᠨ ᠴᠢᠩᠭᠠᠳᠬᠠᠵᠤ᠂ ᠬᠢᠴᠢᠶᠡᠯ ᠤᠨ ᠠᠭᠤᠯᠭ᠎ᠠ ᠪᠠᠨ ᠲᠡᠭᠦᠯᠳᠡᠷᠵᠢᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠢᠶᠠᠨ ᠰᠢᠰᠲ᠋ᠧᠮᠵᠢᠭᠦᠯᠬᠦ᠂ ᠵᠣᠬᠢᠶᠠᠨ ᠪᠠᠶᠢᠭᠤᠯᠤᠯᠴᠠᠬᠤ᠂ ᠡᠮᠬᠢ ᠳᠢᠭᠯᠢᠮ ᠲᠠᠢ ᠪᠣᠯᠭᠠᠬᠤ ᠶᠢ ᠠᠬᠢᠭᠤᠯᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠬᠠᠢ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠬᠠᠤᠯᠢ ᠲᠣᠭᠲᠠᠭᠠᠬᠤ ᠲᠥᠯᠥᠪᠯᠡᠭᠡ ︵ᠬᠦᠷᠭᠡᠨ ᠬᠢᠨᠠᠭᠤᠯᠬᠤ ᠨᠣᠣᠷᠠᠭ︶︾ ᠶᠢ ᠬᠢᠨᠠᠨ ᠵᠥᠪᠯᠡᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠦᠬᠠᠢ ᠶᠢᠨ ᠪᠣᠳᠠᠲᠠᠢ ᠲᠠᠢ ᠨᠡᠶᠢᠴᠡᠬᠦ ᠬᠠᠤᠯᠢ ᠲᠣᠭᠲᠠᠭᠠᠬᠤ ᠲᠦᠷᠦᠯ ᠵᠦᠢᠯ ᠢ ᠢᠳᠡᠪᠬᠢᠲᠡᠢ ᠪᠥᠭᠡᠳ ᠪᠦᠲᠦᠮᠵᠢᠲᠡᠢ ᠰᠦᠪᠡᠭᠴᠢᠯᠡᠵᠦ᠂ ᠴᠢᠨᠠᠷ ᠰᠠᠶᠢᠲᠠᠢ ᠬᠠᠤᠯᠢ ᠲᠣᠭᠲᠠᠭᠠᠬᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ 2024 ᠣᠨ ᠤ ᠪᠦᠬᠦ ᠤᠯᠤᠰ ᠤᠨ ︽5·1︾ ᠤ ᠬᠥᠳᠡᠯᠮᠦᠷᠢ ᠶᠢᠨ ᠱᠠᠩᠨᠠᠯ ᠪᠣᠯᠣᠨ ᠪᠦᠬᠦ ᠤᠯᠤᠰ ᠤᠨ ᠠᠵᠢᠯᠴᠢᠨ ᠤ ᠬᠤᠰᠢᠭᠤᠴᠢ ᠠᠯᠳᠠᠷ ᠢ ᠲᠠᠨᠢᠯᠴᠠᠭᠤᠯᠬᠤ ᠬᠤᠯᠪᠤᠭᠳᠠᠯ ᠪᠦᠬᠦᠢ ᠶᠠᠪᠤᠳᠠᠯ ᠢ ᠰᠤᠳᠤᠯᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号