ᠲᠠᠩ ᠢ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠦᠭᠪᠡ
ᠨᠡᠶᠢᠲᠡᠯᠡᠭᠰᠡᠨ ᠴᠠᠭ᠄
2024/2/5
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠲᠤᠬᠠᠢ ᠴᠣᠬᠤᠯᠠᠪᠤᠷᠢ ᠥᠭᠪᠡ᠃ ᠲᠡᠷᠡ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠲᠤᠤᠱᠯᠠᠭᠤᠯᠵᠤ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠬᠠᠷᠢᠭᠤᠴᠠᠯᠭ᠎ᠠ ᠡᠭᠦᠷᠭᠡᠯᠡᠨ ᠪᠤᠳᠠᠳᠠᠢ ᠠᠵᠢᠯᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡᠨ ᠵᠢᠯ ᠳᠤ᠂ ᠤᠯᠤᠰ ᠲᠥᠷᠥ ᠬᠠᠤᠯᠢ ᠴᠠᠭᠠᠵᠠ ᠶᠢᠨ ᠹᠷᠣᠨᠲ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠪᠦᠬᠦ ᠲᠠᠯ᠎ᠠ ᠪᠠᠷ ᠲᠤᠤᠱᠯᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ︽ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ︾ ᠶᠢ ᠴᠢᠷᠮᠠᠶᠢᠨ ᠡᠭᠦᠳᠬᠦ ᠪᠠᠷ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ  ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢᠶᠠᠨ ᠨᠢᠭᠡ ᠴᠣᠭᠴᠠᠵᠢᠭᠤᠯᠤᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      2 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠣᠸ ᠴᠧᠩ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠠᠩ ᠢ ᠱᠦᠵᠢ  ᠵᠢᠨ‌ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠵᠤ᠂ 2024 ᠣᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠴᠢᠩᠭ᠎ᠠ ᠬᠦᠷᠢᠶᠡᠯᠡᠵᠦ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠪᠤᠳᠠᠳᠠᠢ ᠠᠵᠢᠯᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠦᠬᠠᠢ ᠶᠢᠨ ᠬᠠᠷᠢᠭᠤᠴᠠᠯᠭ᠎ᠠ ᠶᠢ ᠪᠦᠬᠦ ᠬᠦᠴᠦᠨ ᠢᠶᠠᠷ ᠢᠶᠠᠨ ᠡᠭᠦᠷᠭᠡᠯᠡᠵᠦ᠂ ︽ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ︾ ᠶᠢ ᠪᠦᠬᠦ ᠲᠠᠯ᠎ᠠ ᠪᠠᠷ ᠴᠢᠷᠮᠠᠶᠢᠨ ᠡᠭᠦᠳᠴᠦ᠂ ︽ᠲᠠᠪᠤᠨ ᠴᠠᠭᠠᠷᠠᠭᠰᠠᠨ︾ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠦᠬᠠᠢ᠂ ᠬᠠᠤᠯᠢᠵᠢᠯ ᠤᠨ ᠦᠬᠠᠢ ᠶᠢ ᠴᠢᠷᠮᠠᠶᠢᠨ ᠪᠦᠲᠦᠭᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠷᠭᠡᠶᠢᠯᠡᠪᠡ᠃      ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠣᠣ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠲᠢᠶᠠᠨ ᠴᠧᠩ ᠵᠢᠶᠦ᠋ᠨ ᠬᠤᠷᠠᠯ ᠳᠤ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号