ᠲᠠᠩ ᠢ ᠪᠦᠯᠬᠦᠮ ᠳᠠᠭᠠᠭᠤᠯᠤᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠵᠢᠯᠣᠭᠤᠳᠤᠭᠴᠢ ᠪᠠᠶᠢᠯᠳᠤᠭᠴᠢᠳ ᠢ ᠲᠣᠬᠤᠨᠢᠭᠤᠯᠬᠤ ᠶᠢᠨ ᠬᠠᠮᠲᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/2/5
     ᠪᠢᠯᠢᠭ ᠤᠨ ᠤᠯᠠᠷᠢᠯ ᠤᠨ ᠯᠣᠣ ᠵᠢᠯ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠣᠯᠣᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠵᠢᠯᠣᠭᠤᠳᠤᠭᠴᠢ ᠪᠠᠶᠢᠯᠳᠤᠭᠴᠢᠳ ᠢ ᠲᠣᠬᠤᠨᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠡᠮᠦᠨ᠎ᠡ ᠠᠴᠠ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠳᠠᠷᠠᠭ᠎ᠠ ᠨᠢ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠯᠢ ᠴᠦᠨ ᠰᠢᠶᠣᠣ᠂ ᠿᠣᠣ ᠴᠥᠩ ᠱᠣ᠋ ᠲᠣᠰ ᠲᠣᠰ ᠲᠣᠬᠤᠨᠢᠭᠤᠯᠬᠤ ᠠᠵᠢᠯᠯᠠᠭ᠎ᠠ ᠪᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠲᠠᠩ ᠢ ᠨᠠᠷ ᠤᠷᠢᠳ ᠬᠤᠵᠢᠳ ᠵᠡᠪᠰᠡᠭᠲᠦ ᠴᠠᠭᠳᠠᠭ᠎ᠠ ᠶᠢᠨ ᠦᠬᠠᠢ ᠶᠢᠨ ᠰᠠᠯᠪᠤᠷᠢ ᠠᠩᠭᠢ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠲᠤ ᠬᠦᠷᠴᠦ᠂ ᠬᠤᠳᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠳᠣᠲᠣᠨᠣ ᠪᠠᠷ ᠪᠣᠯᠭᠤᠭᠠᠨ ᠦᠵᠡᠵᠦ᠂ ᠤᠯᠠᠨ ᠤ ᠤᠷᠳᠤ ᠬᠤᠭᠤᠴᠠᠭᠠᠨ ᠤ ᠲᠤᠷᠰᠢ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ᠂ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ﹈ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠯᠢᠳᠡᠭ ᠰᠤᠷᠲᠠᠯ ᠢ ᠤᠯᠠᠮᠵᠢᠯᠠᠵᠤ᠂ ᠴᠡᠷᠢᠭ ᠤᠨ ᠰᠦᠭ ᠰᠦᠨᠡᠰᠦ ᠶᠢ ᠦᠷᠭᠦᠯᠵᠢᠯᠡᠭᠦᠯᠵᠦ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠪᠠᠲᠤᠳᠬᠠᠵᠤ᠂ ᠴᠡᠷᠢᠭ ᠤᠨ ᠪᠣᠯᠪᠠᠰᠤᠷᠠᠯ ᠢᠶᠠᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠡᠮᠵᠢᠵᠤ᠂ ᠪᠦᠬᠦ ᠠᠷᠠᠳ ᠢᠶᠠᠷ ᠢᠶᠠᠨ ᠴᠡᠷᠢᠭ ᠢᠶᠠᠨ ᠬᠦᠷᠢᠶᠡᠯᠡᠬᠦ᠂ ᠴᠡᠷᠢᠭ ᠠᠩᠭᠢ ᠣᠷᠣᠨ ᠨᠤᠲᠤᠭ ᠤᠨ ᠬᠠᠮᠲᠤᠷᠠᠯ ᠢᠶᠠᠨ ᠬᠠᠮᠲᠤᠳᠬᠠᠬᠤ᠂ ᠴᠡᠷᠢᠭ ᠠᠷᠠᠳ ᠰᠡᠳᠬᠢᠯ ᠨᠢᠭᠡᠳᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠵᠡᠢ᠃ ᠲᠠᠩ ᠢ ᠨᠠᠷ ᠪᠠᠰᠠ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠴᠡᠷᠢᠭ ᠤᠨ ᠶᠠᠪᠤᠳᠠᠯ ᠤᠨ ᠰᠣᠶᠣᠯ ᠤᠨ ᠬᠡᠷᠡᠮ ᠢ ᠲᠣᠭᠤᠷᠢᠨ ᠦᠵᠡᠵᠦ᠂ ᠴᠡᠷᠢᠭ ᠤᠨ ᠬᠤᠪᠢᠶᠠᠷᠢ ᠲᠣᠭᠤᠷᠢᠭ ᠤᠨ ᠲᠡᠦᠬᠡ ᠶᠢᠨ ᠬᠤᠪᠢᠰᠤᠯᠲᠠ᠂ ᠬᠥᠭᠵᠢᠯᠲᠡ ᠶᠢᠨ ᠪᠣᠳᠠᠲᠤ ᠲᠡᠮᠳᠡᠭᠯᠡᠯ ᠵᠡᠷᠭᠡ ᠪᠠᠶᠢᠳᠠᠯ ᠢ ᠨᠢ ᠣᠶᠢᠯᠠᠭᠠᠪᠠ᠃      ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠳᠤ ᠲᠠᠩ ᠢ ᠬᠡᠯᠡᠭᠰᠡᠨ ᠨᠢ᠂ ᠪᠥᠬᠦ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ ᠬᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢᠨ ᠡᠮᠦᠨ᠎ᠡ ᠠᠶᠤᠯ ᠲᠦᠭᠰᠢᠭᠦᠷᠢ ᠠᠴᠠ ᠠᠶᠤᠬᠤ ᠦᠭᠡᠢ ᠪᠠᠷ ᠡᠮᠦᠨ᠎ᠡ ᠨᠢ ᠭᠠᠪᠰᠢᠭᠠᠶᠢᠯᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ᠂ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠶᠢ ᠬᠦᠴᠦᠲᠡᠢ ᠪᠠᠲᠤᠯᠠᠭᠰᠠᠭᠠᠷ ᠢᠷᠡᠵᠡᠶ᠂ ᠡᠭᠦᠨ ᠢ ᠪᠥᠬᠦ ᠬᠤᠲᠠ ᠶᠢᠨ ᠠᠷᠠᠳ ᠲᠦᠮᠡᠨ ᠴᠥᠮ ᠨᠢᠳᠦᠨ ᠳᠡᠭᠡᠨ ᠦᠵᠡᠵᠦ᠂ ᠰᠡᠳᠬᠢᠯ ᠳᠡᠭᠡᠨ ᠴᠡᠭᠡᠵᠢᠯᠡᠵᠦ ᠪᠠᠶᠢᠳᠠᠭ᠃ ᠤᠯᠠᠨ ᠢᠶᠠᠷ ᠢᠶᠠᠨ ᠰᠢᠨ᠎ᠡ ᠨᠢᠭᠡᠨ ᠵᠢᠯ ᠳᠤ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠴᠢᠳᠠᠪᠤᠷᠢ ᠪᠠᠨ ᠴᠢᠩᠭᠠᠳᠬᠠᠵᠤ᠂ ᠴᠠᠭ ᠢᠮᠠᠭᠲᠠ ᠲᠦᠷᠭᠡᠨ ᠲᠤᠰᠬᠠᠯ ᠭᠠᠷᠭᠠᠬᠤ ᠲᠠᠶᠢᠨ ᠤ ᠪᠡᠯᠡᠳᠬᠡᠯ ᠤᠨ ᠪᠠᠶᠢᠳᠠᠯ ᠲᠠᠢ ᠪᠠᠶᠢᠬᠤ ᠶᠢ ᠪᠠᠲᠤᠯᠠᠵᠤ᠂ ᠲᠤᠰᠬᠠᠯ  ᠨᠢ ᠨᠡᠩ ᠲᠦᠷᠭᠡᠨ᠂ ᠠᠵᠢᠯᠯᠠᠭ᠎ᠠ ᠨᠢ ᠨᠡᠩ ᠥᠨᠳᠥᠷ ᠪᠦᠲᠦᠮᠵᠢᠲᠡᠢ᠂ ᠪᠠᠲᠤᠯᠠᠭ᠎ᠠ ᠨᠢ ᠨᠡᠩ ᠬᠦᠴᠦᠲᠡᠢ ᠪᠠᠶᠢᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠪᠠᠶᠠᠷ ᠤᠨ ᠡᠳᠦᠷ ᠤᠨ ᠬᠤᠭᠤᠴᠠᠭᠠᠨ ᠤ ᠸᠠᠨ ᠵᠢᠩ ᠶᠤᠸᠠᠨ ᠴᠢᠯᠦᠭᠡᠲᠤ ᠳᠡᠯᠭᠡᠭᠦᠷ ᠪᠣᠯᠣᠨ ᠰᠢᠨ ᠲᠢᠶᠠᠨ ᠳ᠋ᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠡᠯ᠎ᠡ ᠲᠥᠷᠥᠯ ᠤᠨ ᠲᠠᠸᠠᠷ ᠪᠦᠷᠢᠨ ᠭᠦᠢᠴᠡᠳ᠂ ᠬᠥᠮᠥᠨ ᠣᠯᠠᠨ ᠴᠤᠭᠯᠠᠷᠠᠵᠤ᠂ ᠴᠤᠭᠯᠠᠭ᠎ᠠ ᠮᠠᠶᠢᠮᠠᠢ ᠬᠦᠷ ᠬᠦᠭᠵᠢᠶᠡᠨ ᠲᠠᠢ ᠪᠤᠯᠪᠠ᠃ ᠲᠠᠩ ᠢ ᠶᠠᠪᠤᠬᠤ ᠶᠢᠨ ᠳᠠᠭᠠᠤ ᠦᠵᠡᠵᠦ᠂ ᠪᠠᠶᠢᠨ ᠪᠠᠶᠢᠨ ᠬᠤᠳᠠᠯᠳᠤᠭᠠᠨ ᠤ ᠡᠷᠦᠬᠡ ᠪᠣᠯᠣᠨ ᠨᠢᠭᠤᠷᠲᠠᠨ ᠲᠣᠬᠢᠶᠠᠯᠳᠤᠭᠰᠠᠨ ᠪᠠᠷᠠᠭ᠎ᠠ ᠬᠤᠳᠠᠯᠳᠤᠨ ᠠᠪᠬᠤ ᠬᠤᠳᠠ ᠶᠢᠨ ᠠᠷᠠᠳ ᠲᠠᠢ ᠳᠣᠲᠣᠨᠣ ᠪᠠᠷ ᠶᠠᠷᠢᠯᠴᠠᠵᠤ᠂ ᠣᠳᠣᠬᠠᠨ ᠤ ᠢᠳᠡᠰᠢᠨ ᠨᠣᠭᠤᠭ᠎ᠠ᠂ ᠮᠢᠬᠠᠨ ᠤ ᠵᠦᠢᠯ ᠵᠡᠷᠭᠡ ᠡᠯ᠎ᠡ ᠲᠦᠷᠦᠯ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠦᠨ᠎ᠡ ᠬᠠᠩᠰᠢ᠂ ᠪᠣᠷᠤᠯᠠᠭᠤᠯᠭ᠎ᠠ ᠶᠢᠨ ᠬᠡᠮᠵᠢᠶ᠎ᠡ ᠶᠢ ᠨᠢ ᠨᠠᠷᠢᠨ ᠠᠰᠠᠭᠤᠨ ᠯᠠᠪᠯᠠᠵᠤ᠂ ᠪᠠᠷᠠᠭᠠᠨ ᠤ ᠬᠠᠩᠭᠠᠯᠭ᠎ᠠ ᠵᠢᠴᠢ ᠪᠠᠷᠠᠭᠠᠨ ᠤ ᠭᠦᠢᠯᠭᠡᠭᠡ ᠲᠡᠭᠡᠭᠡᠪᠦᠷᠢ ᠵᠡᠷᠭᠡ ᠪᠠᠶᠢᠳᠠᠯ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠤ ᠣᠯᠠᠨ ᠲᠦᠮᠡᠨ ᠤ ᠪᠠᠷᠠᠭ᠎ᠠ ᠬᠤᠳᠠᠯᠳᠤᠨ ᠠᠪᠬᠤ ᠬᠡᠷᠡᠭᠴᠡᠭᠡ ᠶᠡᠭᠡ ᠪᠠᠷ ᠨᠡᠮᠡᠭᠳᠡᠵᠦ ᠪᠠᠶᠢᠭ᠎ᠠ ᠪᠣᠯᠬᠤᠷ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠢᠳᠡᠭᠡᠨ ᠤ ᠠᠮᠤᠷ ᠲᠦᠪᠰᠢᠨ ᠤ ᠠᠵᠢᠯ ᠢᠶᠠᠨ ᠰᠠᠶᠢᠲᠤᠷ ᠬᠢᠬᠦ ᠨᠢ ᠲᠤᠶᠢᠯ ᠤᠨ ᠴᠢᠬᠤᠯᠠ ᠪᠠᠶᠢᠳᠠᠭ᠃ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠪᠠᠨ ᠴᠢᠩᠭᠠᠳᠬᠠᠵᠤ᠂ ᠬᠠᠩᠭᠠᠯᠭ᠎ᠠ ᠶᠢᠨ ᠪᠠᠲᠤᠯᠠᠭ᠎ᠠ ᠪᠠᠨ ᠰᠠᠶᠢᠲᠤᠷ ᠬᠢᠵᠦ᠂ ᠲᠠᠸᠠᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠣᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠡᠷᠡᠭᠯᠡᠭᠡᠨ ᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠬᠠᠩᠭᠠᠬᠤ ᠬᠡᠷᠡᠭᠳᠡᠢ᠃ ᠲᠤᠬᠠᠢ ᠶᠢᠨ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠴᠢᠯᠦᠭᠡᠲᠤ ᠳᠡᠯᠭᠡᠭᠦᠷ ᠪᠣᠯᠣᠨ ᠲᠤᠬᠠᠢ ᠶᠢᠨ ᠭᠠᠵᠠᠷ ᠤᠨ ᠲᠠᠷᠢᠶᠠᠴᠢᠨ ᠡᠷᠦᠬᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠡᠩ ᠰᠢᠯᠤᠭᠤᠨ ᠢᠶᠠᠷ ᠵᠠᠬ᠎ᠠ ᠳᠡᠯᠭᠡᠭᠦᠷ ᠲᠤ ᠭᠠᠷᠭᠠᠵᠤ᠂ ᠠᠷᠠᠳ ᠤᠯᠠᠨ ᠳᠤ ᠬᠡᠷᠡᠭᠯᠡᠭᠡᠨ ᠤ ᠲᠦᠬᠦᠮ ᠢ ᠡᠳ᠋ᠯᠡᠭᠦᠯᠬᠦ ᠬᠡᠷᠡᠭᠲᠡᠢ᠃ ᠠᠮᠤᠷ ᠲᠦᠪᠰᠢᠨ ᠬᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠬᠡᠢ ᠬᠡᠷᠡᠭᠯᠡᠬᠦ ᠬᠠᠮᠢᠶᠠᠷᠤᠯᠲᠠ ᠪᠠᠨ ᠴᠢᠨᠠᠭᠰᠢᠳᠠ ᠴᠢᠩᠭᠠᠳᠬᠠᠵᠤ᠂ ᠡᠳᠦᠷ ᠲᠤᠳᠤᠮ ᠤᠨ ᠪᠠ ᠰᠥᠨᠢ ᠶᠢᠨ ᠲᠣᠭᠤᠷᠢᠨ ᠪᠠᠶᠢᠴᠠᠭᠠᠯᠲᠠ ᠶᠢ ᠴᠢᠩᠭ᠎ᠠ ᠰᠠᠶᠢᠲᠤᠷ ᠬᠢᠵᠦ᠂ ᠠᠮᠤᠷ ᠲᠦᠪᠰᠢᠨ ᠤ ᠲᠠᠷᠬᠠᠭᠠᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠯ᠎ᠡ ᠲᠦᠷᠦᠯ ᠤᠨ ᠲᠠᠯᠠᠪᠤᠷ ᠤᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠨᠢ ᠴᠢᠩᠭᠠᠳᠬᠠᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠡᠷᠡᠰ ᠠᠷᠢᠯᠭᠠᠵᠤ᠂ ᠠᠷᠠᠳ ᠣᠯᠠᠨ ᠤ ᠪᠠᠶᠠᠷ ᠵᠢᠷᠭᠠᠯ ᠲᠠᠢ ᠥᠯᠵᠡᠢ ᠪᠡᠯᠭᠡ ᠲᠠᠢ ᠪᠠᠷ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号