ᠸᠠᠩ ᠸᠧ ᠵᠢᠶᠧ ᠴᠠᠭᠠᠨ ᠰᠠᠷ᠎ᠠ ᠶᠢᠨ ᠬᠤᠭᠤᠴᠠᠭᠠᠨ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/6
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠮᠠᠨ ᠤ ᠬᠤᠲᠠ ᠶᠢᠨ ᠬᠡᠰᠡᠭ ᠨᠠᠰᠤᠨ ᠤ ᠠᠮᠠᠷᠠᠯᠲᠠ ᠪᠠᠨ ᠠᠪᠤᠭᠰᠠᠨ ᠺᠠᠳ᠋ᠷᠴᠤᠳ ᠢ ᠲᠣᠬᠤᠨᠢᠭᠤᠯᠵᠤ᠂ ᠲᠡᠳᠡᠨ ᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠲᠠᠯᠠᠷᠬᠠᠨ᠂ ᠲᠡᠳᠡᠨ ᠳᠤ ᠨᠠᠮ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠳᠣᠲᠣᠨᠣ ᠮᠡᠨᠳᠦᠴᠢᠯᠡᠯ ᠳᠡᠪᠰᠢᠭᠦᠯᠪᠡ᠃      ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠯᠢ ᠭᠤᠸᠠᠩ ᠰᠢ᠂ ᠬᠠᠨ ᠴᠢ ᠶᠦᠨ ᠤ ᠭᠡᠷ ᠲᠤ᠂ ᠸᠠᠩ ᠸᠧᠨ ᠵᠢᠶᠧ ᠲᠡᠳᠡᠨ ᠤ ᠠᠮᠢᠳᠤᠷᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠲᠡᠳᠡᠨ ᠲᠠᠢ ᠦᠬᠠᠢ ᠶᠢᠨ ᠬᠥᠭᠵᠢᠯᠲᠡ ᠪᠣᠯᠣᠨ ᠬᠤᠪᠢᠷᠠᠯᠲᠠ ᠶᠢ ᠶᠠᠷᠢᠯᠴᠠᠬᠤ ᠶᠢᠨ ᠬᠠᠮᠲᠤ ᠪᠦᠬᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠥᠷᠨᠢᠭᠦᠯᠦᠭᠰᠡᠨ ᠪᠠᠶᠢᠳᠠᠯ ᠵᠢᠴᠢ ᠦᠷ᠎ᠡ ᠪᠦᠲᠦᠮᠵᠢ ᠪᠠᠨ ᠲᠠᠨᠢᠯᠴᠠᠭᠤᠯᠪᠠ᠃      ᠸᠠᠩ ᠸᠧᠨ ᠵᠢᠶᠧ ᠬᠡᠯᠡᠭᠰᠡᠨ ᠨᠢ᠂ ᠠᠬᠠᠮᠠᠳ ᠺᠠᠳ᠋ᠷᠴᠤᠳ ᠡᠯᠪᠡᠭ ᠪᠠᠶᠠᠯᠢᠭ ᠲᠤᠷᠰᠢᠯᠭ᠎ᠠ᠂ ᠣᠶᠤᠨ ᠤᠬᠠᠭᠠᠨ ᠪᠠ ᠠᠮᠢᠳᠤᠷᠠᠯ ᠤᠨ ᠥᠩᠭᠡᠷᠡᠯᠲᠡ ᠲᠠᠢ ᠪᠠᠶᠢᠵᠤ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠨᠢᠨ ᠳᠡᠭᠡᠷ᠎ᠡ ᠨᠢ ᠦᠢᠯᠡᠴᠢᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠬᠠᠮᠠᠳ ᠺᠠᠳ᠋ᠷᠴᠤᠳ ᠢ ᠢᠯᠡᠭᠦᠬᠡᠨ ᠬᠠᠯᠠᠮᠵᠢᠯᠠᠵᠤ᠂ ᠠᠬᠠᠮᠠᠳ ᠺᠠᠳ᠋ᠷᠴᠤᠳ ᠤᠨ ᠬᠠᠯᠠᠭᠤᠨ ᠬᠦᠢᠲᠡᠨ ᠢ ᠦᠨᠡᠨᠬᠦ ᠰᠡᠳᠬᠢᠯ ᠳᠡᠭᠡᠨ ᠪᠤᠳᠤᠵᠤ᠂ ᠠᠬᠠᠮᠠᠳ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢᠶᠠᠨ ᠰᠡᠳᠬᠢᠯ ᠲᠠᠯᠪᠢᠨ ᠰᠠᠶᠢᠲᠤᠷ ᠬᠢᠵᠦ᠂ ᠳᠡᠳᠡᠨ ᠢ ᠥᠲᠡᠯᠪᠡᠯ ᠪᠠᠶᠠᠷ ᠴᠡᠩᠭᠡᠯ ᠲᠠᠢ᠂ ᠥᠲᠡᠯᠦᠭᠡ ᠨᠠᠰᠤ ᠪᠠᠨ ᠵᠣᠯ ᠵᠢᠷᠭᠠᠯ ᠲᠠᠢ ᠡᠳ᠋ᠯᠡᠭᠦᠯᠬᠦ ᠬᠡᠷᠡᠭᠲᠡᠢ᠃ ᠠᠬᠠᠮᠠᠳ ᠺᠠᠳ᠋ᠷᠴᠤᠳ ᠤᠨ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ ᠬᠠᠷᠢᠭᠤ ᠲᠤᠰᠬᠠᠬᠤ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠠᠬᠠᠮᠠᠳ ᠺᠠᠳ᠋ᠷᠴᠤᠳ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠲᠡᠳᠡᠨ ᠢ ᠢᠳᠡᠪᠬᠢᠲᠡᠢ ᠪᠠᠷ ᠬᠠᠪᠰᠤᠷᠤᠨ ᠠᠮᠢᠳᠤᠷᠠᠯ ᠤᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠠᠬᠠᠮᠠᠳ ᠺᠠᠳ᠋ᠷᠴᠤᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠬᠠᠮᠠᠳ ᠺᠠᠳ᠋ᠷᠴᠤᠳ ᠦᠷᠭᠦᠯᠵᠢᠯᠡᠨ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠪᠥᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠰᠣᠳᠣ ᠮᠡᠷᠭᠡᠨ ᠦᠭᠡ ᠬᠡᠯᠡᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号