ᠹᠧᠩ ᠰᠢᠤᠸᠠᠢ ᠲᠤᠸ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/6
     ᠯᠣᠣ ᠵᠢᠯ ᠤᠨ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠮᠠᠨ ᠤ ᠬᠤᠲᠠ ᠶᠢᠨ ᠬᠡᠰᠡᠭ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ   ᠠᠴᠠ ᠪᠠᠨ ᠪᠠᠭᠤᠵᠤ ᠠᠮᠠᠷᠠᠭᠰᠠᠨ ᠺᠠᠳ᠋ᠷ ᠵᠢᠴᠢ ᠨᠠᠰᠤ ᠪᠠᠷᠠᠭᠰᠠᠨ ᠠᠬᠠᠮᠠᠳ ᠨᠥᠬᠦᠳ ᠤᠨ ᠪᠡᠯᠪᠡᠰᠦᠨ ᠠᠪᠠᠭᠠᠢ ᠶᠢ ᠲᠣᠬᠤᠨᠢᠭᠤᠯᠵᠤ᠂ ᠲᠡᠳᠡᠨᠦᠰ ᠤᠨ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠨ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠭᠡᠵᠦ᠂ ᠪᠠᠶᠠᠷ ᠤᠨ ᠡᠳᠦᠷ ᠤᠨ ᠮᠡᠨᠳᠦᠴᠢᠯᠡᠯ ᠲᠡᠪᠰᠢᠬᠦᠯᠪᠡ᠃      ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ   ᠠᠴᠠ ᠪᠠᠨ ᠪᠠᠭᠤᠵᠤ ᠠᠮᠠᠷᠠᠭᠰᠠᠨ ᠵᠧᠨ ᠴᠧᠨ ᠯᠠᠨ᠂ ᠯᠢᠦ ᠼᠦᠨ ᠵᠧᠩ ᠤᠨ ᠭᠡᠷ ᠲᠤ᠂ ᠹᠧᠩ ᠰᠢᠤᠸᠠᠢ ᠲᠤᠤ ᠠᠬᠠᠮᠠᠳ ᠺᠠᠳ᠋ᠷᠴᠤᠳ ᠲᠠᠢ ᠵᠣᠭᠤᠭᠳᠠᠵᠤ᠂ ᠬᠤᠪᠢᠷᠠᠯᠲᠠ ᠶᠢᠨ ᠲᠤᠬᠠᠢ ᠶᠠᠷᠢᠯᠴᠠᠵᠤ᠂ ᠲᠡᠳᠡᠨ ᠤ ᠡᠷᠡᠭᠦᠯ ᠴᠢᠭᠢᠷᠠᠭ ᠤᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠲᠡᠳᠡᠨ ᠤ ᠦᠬᠠᠢ ᠶᠢᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠡ᠃ ᠹᠧᠩ ᠰᠢᠤᠸᠠᠢ ᠲᠤᠸ ᠬᠡᠯᠡᠭᠰᠡᠨ ᠨᠢ᠂ ᠠᠬᠠᠮᠠᠳ ᠨᠥᠬᠦᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠳᠤ ᠴᠥᠮ ᠠᠬᠠᠮᠠᠳ ᠨᠥᠬᠦᠳ ᠤᠨ ᠬᠦᠴᠦ ᠬᠥᠳᠡᠯᠮᠦᠷᠢ ᠪᠠ ᠣᠶᠤᠨ ᠤᠬᠠᠭᠠᠨ ᠰᠢᠩᠭᠡᠵᠦ ᠪᠠᠶᠢᠳᠠᠭ᠃ ᠠᠬᠠᠮᠠᠳ ᠨᠥᠬᠦᠳ ᠬᠤᠳᠠ ᠶᠢᠨ ᠪᠠᠶᠢᠳᠠᠯ ᠢ ᠰᠠᠶᠢᠨ ᠣᠶᠢᠯᠠᠭᠠᠬᠤ᠂ ᠪᠠᠶᠠᠯᠢᠭ ᠲᠤᠷᠰᠢᠯᠭ᠎ᠠ ᠲᠠᠢ ᠵᠡᠷᠭᠡ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠤᠳᠠ ᠶᠢᠨ ᠠᠵᠢᠯ ᠢ ᠬᠠᠯᠠᠮᠵᠢᠯᠠᠨ ᠲᠡᠮᠵᠢᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠪᠠᠨ ᠢᠯᠡᠭᠦᠬᠡᠨ ᠳᠤᠷᠠᠳᠴᠤ᠂ ᠪᠢᠳᠡᠨ ᠢ ᠬᠠᠪᠰᠤᠷᠤᠨ ᠠᠵᠢᠯ ᠢᠶᠠᠨ ᠨᠡᠩ ᠰᠠᠶᠢᠨ ᠬᠢᠬᠦ ᠶᠢ ᠬᠦᠰᠡᠵᠦ ᠪᠠᠶᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠠᠬᠠᠮᠠᠳ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠵᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠬᠠᠮᠠᠳ ᠨᠥᠬᠦᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠡᠳ᠋ᠯᠡᠭᠦᠯᠬᠦ ᠬᠡᠷᠡᠭᠲᠡᠢ ᠭᠡᠵᠡᠢ᠃      ᠨᠠᠰᠤ ᠪᠠᠷᠠᠭᠰᠠᠨ ᠠᠬᠠᠮᠠᠳ ᠨᠥᠬᠦᠷ ᠪᠠᠳᠠᠷᠠ ᠶᠢᠨ ᠭᠡᠷ ᠲᠤ᠂ ᠹᠧᠩ ᠰᠢᠤᠸᠠᠢ ᠲᠤᠤ ᠪᠠᠳᠠᠷᠠ ᠶᠢᠨ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠵᠢᠴᠢ ᠠᠬᠠᠮᠠᠳ ᠨᠥᠬᠦᠳ ᠤᠨ ᠪᠡᠯᠪᠡᠰᠦᠨ ᠠᠪᠠᠭᠠᠢ ᠶᠢᠨ ᠭᠡᠷ ᠤᠨ ᠬᠥᠮᠥᠰ ᠤᠨ ᠢᠶᠠᠨ ᠠᠵᠢᠯ ᠢ ᠳᠡᠮᠵᠢᠬᠦ ᠦᠶ᠎ᠡ ᠳᠤ ᠦᠵᠡᠭᠦᠯᠦᠭᠰᠡᠨ ᠰᠢᠷᠭᠠᠭᠤ ᠬᠠᠲᠠᠭᠤᠵᠢᠯᠲᠠᠢ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠠᠬᠠᠮᠠᠳ ᠨᠥᠬᠦᠳ ᠤᠨ ᠪᠡᠯᠪᠡᠰᠦᠨ ᠠᠪᠠᠭᠠᠢ ᠡᠷᠡᠭᠦᠯ ᠮᠡᠨᠳᠦ ᠪᠠᠨ ᠪᠠᠲᠤᠯᠠᠵᠤ᠂ ᠥᠲᠡᠯᠦᠭᠡ ᠨᠠᠰᠤ ᠪᠠᠨ ᠠᠮᠤᠷ ᠵᠢᠮᠤᠷ ᠥᠩᠭᠡᠷᠡᠭᠦᠯᠬᠦ ᠶᠢᠨ ᠬᠠᠮᠲᠤ᠂ ᠦᠬᠠᠢ ᠶᠢᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号