2023 ᠣᠨ ᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ ᠶᠢᠨ ︽ᠠᠮᠵᠢᠯᠲᠠ ᠪᠦᠲᠦᠮᠵᠢ ᠪᠠᠨ ᠢᠯᠡ ᠪᠤᠯᠭᠠᠬᠤ᠂ ᠠᠷᠭ᠎ᠠ ᠪᠣᠳᠣᠯᠭ᠎ᠠ ᠰᠦᠪᠡᠭᠴᠢᠯᠡᠭᠰᠡᠨ ᠢ ᠦᠵᠡᠬᠦ︾ ᠲᠥᠪᠯᠡᠷᠡᠩᠭᠦᠢ ᠲᠤᠰᠢᠶᠠᠯ ᠤᠨ ᠮᠡᠳᠡᠭᠦᠯᠦᠯᠲᠡ ᠶᠢ ᠰᠢᠯᠭᠠᠨ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/6
     2 ᠰᠠᠷ᠎ᠠ ᠶᠢᠨ 5 ᠤ ᠡᠳᠦᠷ᠂ 2023 ᠣᠨ ᠤ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠱᠦᠵᠢ ᠶᠢᠨ ︽ᠠᠮᠵᠢᠯᠲᠠ ᠪᠦᠲᠦᠮᠵᠢ ᠪᠠᠨ ᠢᠯᠡ ᠪᠤᠯᠭᠠᠬᠤ᠂ ᠠᠷᠭ᠎ᠠ ᠪᠣᠳᠣᠯᠭ᠎ᠠ ᠰᠦᠪᠡᠭᠴᠢᠯᠡᠭᠰᠡᠨ ᠢ ᠦᠵᠡᠬᠦ︾ ᠲᠥᠪᠯᠡᠷᠡᠩᠭᠦᠢ ᠲᠤᠰᠢᠶᠠᠯ ᠤᠨ ᠮᠡᠳᠡᠭᠦᠯᠦᠯᠲᠡ ᠶᠢ ᠰᠢᠯᠭᠠᠨ ᠦᠨᠡᠯᠡᠬᠦ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠤᠳᠤᠷᠢᠳᠤᠯᠭ᠎ᠠ ᠼᠦᠢ ᠵᠢᠩ ᠶᠢᠩ᠂ ᠹᠧᠩ ᠰᠢᠤᠸᠠᠢ ᠲᠤᠤ᠂ ᠸᠠᠩ ᠸᠧᠨ ᠵᠢᠶᠧ ᠨᠠᠷ ᠣᠷᠣᠯᠴᠠᠪᠠ᠃ ᠬᠤᠷᠠᠯ ᠠᠴᠠ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠠᠮ ᠤᠨ ᠭᠠᠳᠠᠨᠠᠬᠢ ᠬᠥᠮᠥᠰ ᠤᠨ ᠲᠥᠯᠥᠭᠡᠯᠡᠭᠴᠢ᠂ ᠤᠯᠠᠨ ᠲᠦᠮᠡᠨ ᠤ ᠲᠥᠯᠥᠭᠡᠯᠡᠭᠴᠢ᠂ ᠡᠯ᠎ᠡ ᠬᠦᠷᠢᠶᠡᠨ ᠤ ᠠᠵᠤ ᠠᠬᠤᠶᠢᠯᠠᠯ ᠤᠨ ᠲᠥᠯᠥᠭᠡᠯᠡᠭᠴᠢ ᠵᠡᠷᠭᠡ ᠶᠢ ᠤᠷᠢᠵᠤ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠭᠤᠯᠪᠡ᠃      ᠬᠤᠷᠠᠯ ᠳᠡᠭᠡᠷ᠎ᠡ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ 47 ᠬᠠᠷᠢᠭᠤᠴᠠᠯᠭᠠᠲᠠᠨ ᠲᠤᠬᠠᠢ ᠶᠢᠨ ᠲᠠᠯᠠᠪᠠᠶ ᠳᠤ ᠠᠵᠢᠯ ᠤᠨ ᠮᠡᠳᠡᠭᠦᠯᠦᠯᠲᠡ ᠬᠢᠵᠦ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ 30 ᠬᠠᠷᠢᠭᠤᠴᠠᠯᠭᠠᠲᠠᠨ ᠪᠢᠴᠢᠭ ᠤᠨ ᠬᠡᠯᠪᠡᠷᠢ ᠪᠠᠷ ᠠᠵᠢᠯ ᠤᠨ ᠮᠡᠳᠡᠭᠦᠯᠦᠯᠲᠡ ᠬᠢᠭᠰᠡᠨ ᠪᠥᠭᠡᠳ ᠲᠤᠬᠠᠢ ᠶᠢᠨ ᠲᠠᠯᠠᠪᠠᠶ ᠳᠤ ᠰᠢᠯᠭᠠᠨ ᠦᠨᠡᠯᠡᠪᠡ᠃      ᠲᠠᠩ ᠢ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠡᠯ᠎ᠡ ᠰᠠᠯᠠᠭ᠎ᠠ ᠮᠥᠴᠢᠷ ᠨᠢᠭᠡᠴᠡ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠨᠲᠡ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ ᠣᠨ ᠤ ᠬᠠᠷᠠᠯᠲᠠ ᠡᠭᠦᠷᠭᠡ ᠶᠢᠨ ᠶᠣᠰᠣᠭᠠᠷ᠂ ᠬᠦᠴᠢᠷ ᠢ ᠰᠥᠷᠢᠨ ᠤᠷᠤᠭᠰᠢᠯᠠᠵᠤ ᠠᠵᠤ ᠠᠬᠤᠢ ᠶᠢ ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠢ ᠬᠦᠴᠦᠷᠬᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠦᠷᠭᠦᠯᠵᠢᠯᠡᠨ ᠬᠦᠴᠦᠯᠡᠵᠦ᠂ ᠰᠡᠳᠬᠢᠯ ᠲᠠᠯᠪᠢᠨ ᠦᠨᠡᠨ ᠰᠡᠳᠬᠢᠯᠭᠡ ᠪᠠᠷ ᠢᠶᠠᠨ ᠠᠷᠠᠳ ᠤᠨ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠰᠢᠨᠲᠠᠷᠠᠰᠢ ᠦᠭᠡᠢ ᠴᠢᠷᠮᠠᠶᠢᠵᠤ ᠪᠠᠶᠢᠭᠠᠳ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠤ᠂ ᠡᠯ᠎ᠡ ᠵᠦᠢᠯ ᠤᠨ ᠠᠵᠢᠯ ᠳᠠᠭᠠᠨ ᠴᠥᠮ ᠰᠠᠶᠢᠰᠢᠶᠠᠭᠤᠰᠢᠲᠠᠢ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠡᠨᠡᠬᠦ ᠡᠷᠡᠮᠡᠬᠡᠶᠢᠯᠡᠨ ᠲᠠᠪᠰᠢᠬᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠷᠭ᠎ᠠ ᠪᠣᠳᠣᠯᠭ᠎ᠠ ᠶᠢ ᠨᠠᠶᠢᠳᠠᠪᠤᠷᠢᠵᠢᠭᠤᠯᠤᠯᠲᠠ ᠪᠣᠯᠭᠠᠨ ᠬᠤᠪᠢᠷᠠᠭᠤᠯᠵᠤ᠂ ᠢᠯᠡᠳᠭᠡᠭᠰᠡᠨ ᠣᠪᠣᠷ ᠢᠶᠠᠨ ᠪᠤᠳᠠᠳᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠡᠢ᠃      ᠲᠠᠩ ᠢ ︽ᠨᠢᠭᠡ ᠢᠯᠡ ᠪᠤᠯᠭᠠᠬᠤ ᠨᠢᠭᠡ ᠦᠵᠡᠬᠦ︾ ᠠᠵᠢᠯ ᠤᠨ ᠲᠣᠭᠲᠠᠴᠠ ᠶᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠵᠦ ᠠᠵᠢᠯ ᠶᠠᠪᠤᠳᠠᠯ ᠬᠢᠬᠦ ᠶᠢ ᠵᠣᠷᠢᠭᠵᠢᠭᠤᠯᠬᠤ ᠲᠤᠬᠠᠢ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ︽ᠨᠢᠭᠡ ᠢᠯᠡ ᠪᠤᠯᠭᠠᠬᠤ ᠨᠢᠭᠡ ᠦᠵᠡᠬᠦ︾ ᠳᠤᠮᠳᠠ ᠪᠠᠨ ᠮᠠᠨ ᠤ ᠬᠤᠲᠠ ᠶᠢᠨ ᠴᠢᠨᠠᠷ ᠰᠠᠶᠢᠲᠠᠢ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠠᠬᠢᠭᠤᠯᠬᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ︽ᠵᠢᠯ ᠤᠨ ᠠᠵᠢᠯ ᠬᠠᠪᠤᠷ ᠠᠴᠠ ᠡᠬᠢᠯᠡᠬᠦ︾ ︽ᠠᠵᠢᠯᠴᠢ ᠬᠥᠮᠥᠨ ᠤ ᠬᠠᠪᠤᠷ ᠡᠷᠲᠡ︾ ᠤᠬᠠᠮᠰᠠᠷ ᠢᠶᠠᠨ ᠴᠢᠩᠭᠠᠳᠬᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠬᠠᠷᠠᠯᠲᠠ ᠪᠠᠨ ᠴᠢᠩᠭ᠎ᠠ ᠠᠩᠬᠠᠷᠴᠤ᠂ ᠱᠠᠯᠠᠪᠳᠠᠨ ᠬᠥᠳᠡᠯᠦᠯᠴᠡᠵᠦ᠂ ᠴᠢᠷᠮᠠᠶᠢᠨ ᠠᠵᠢᠯᠯᠠᠵᠤ᠂ ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠦᠷᠭᠦᠯᠵᠢᠯᠡᠨ ᠴᠢᠷᠮᠠᠶᠢᠨ ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ᠂ ︽ᠨᠢᠭᠡ ᠢᠯᠡ ᠪᠤᠯᠭᠠᠬᠤ ᠨᠢᠭᠡ ᠦᠵᠡᠬᠦ︾ ᠳᠤᠮᠳᠠ ᠪᠠᠨ ᠠᠵᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠶᠢ ᠰᠦᠪᠡᠭᠴᠢᠯᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠱᠠᠭᠠᠷᠳᠠᠯᠭ᠎ᠠ ᠶᠢ ᠡᠯ᠎ᠡ ᠵᠦᠢᠯ ᠤᠨ ᠠᠵᠢᠯ ᠳᠠᠭᠠᠨ ᠢᠮᠠᠭᠲᠠ ᠲᠤᠤᠱᠯᠠᠭᠤᠯᠵᠤ᠂ ᠠᠯᠢᠪᠠ ᠠᠵᠢᠯ ᠢᠶᠠᠨ ᠴᠥᠮ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠥᠴᠥᠬᠡᠨ ᠴᠦ ᠵᠠᠶᠢᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠥᠬᠦ ᠲᠠᠯ᠎ᠠ ᠠᠴᠠ ᠠᠵᠢᠯ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠠ ᠪᠥᠬᠦ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠵᠤ ᠠᠬᠤᠢ ᠶᠢᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ᠂ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠪᠠ ᠴᠡᠭᠴᠡᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ᠂ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ᠃ ︽ᠡᠮᠦᠨ᠎ᠡ ᠹᠷᠣᠨᠲ ᠲᠤ ᠠᠵᠢᠯᠯᠠᠬᠤ ᠠᠷᠭ᠎ᠠ︾ ᠶᠢ ᠪᠠᠷᠢᠮᠲᠠᠯᠠᠵᠤ᠂ ᠠᠵᠢᠯ ᠤᠨ ᠡᠮᠦᠨ᠎ᠡ ᠹᠷᠣᠨᠲ ᠲᠤ ᠢᠯᠡᠭᠦᠬᠡᠨ ᠬᠦᠷᠴᠦ ᠦᠵᠡᠵᠦ᠂ ᠦᠢᠯᠡᠴᠢᠯᠡᠬᠦ ᠡᠲᠡᠭᠡᠳ ᠤᠨ ᠳᠤᠮᠳᠠ ᠢᠯᠡᠭᠦᠬᠡᠨ ᠬᠦᠷᠴᠦ᠂ ᠠᠰᠠᠭᠤᠳᠠᠯ ᠢ ᠨᠢ ᠣᠨᠣᠪᠴᠢᠲᠠᠶ ᠡᠷᠢᠨ ᠣᠯᠵᠤ᠂ ᠠᠷᠭ᠎ᠠ ᠬᠡᠮᠵᠢᠶ᠎ᠡ ᠪᠠᠨ ᠪᠣᠳᠠᠲᠠᠢ ᠪᠠᠷ ᠠᠳᠬᠤᠵᠤ᠂ ᠠᠰᠠᠭᠤᠳᠠᠯ ᠢ ᠨᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃ ᠭᠤᠷᠪᠠ ᠳᠤ᠂ ︽ᠨᠢᠭᠡ ᠢᠯᠡ ᠪᠤᠯᠭᠠᠬᠤ ᠨᠢᠭᠡ ᠦᠵᠡᠬᠦ︾ ᠳᠤᠮᠳᠠ ᠪᠠᠨ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠠᠵᠢᠯ ᠬᠢᠵᠦ ᠦᠢᠯᠡᠰ ᠪᠣᠰᠬᠠᠬᠤ ᠰᠥᠰᠥ ᠵᠣᠷᠢᠭ ᠡᠷᠴᠢ ᠵᠣᠷᠢᠭ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠬᠠᠲᠠᠨ ᠵᠣᠷᠢᠭ ᠢ ᠪᠠᠷᠢᠮᠲᠠᠯᠠᠵᠤ᠂ ᠰᠠᠶᠢᠨ ᠬᠡᠷᠡᠭᠵᠢᠭᠦᠯᠦᠭᠴᠢ᠂ ᠦᠢᠯᠡᠳᠦᠯᠬᠡᠵᠢᠬᠦᠯᠦᠭᠴᠢ᠂ ᠪᠣᠳᠠᠲᠠᠢ ᠠᠵᠢᠯᠯᠠᠭᠴᠢ ᠪᠣᠯᠵᠤ᠂ ᠬᠤᠷᠳᠤᠨ ᠮᠣᠷᠢᠨ ᠳᠤ ᠲᠠᠰᠢᠭᠤᠷ ᠨᠡᠮᠡᠬᠦ ᠡᠷᠴᠢ ᠵᠣᠷᠢᠭ᠂ ᠲᠦᠮᠡᠨ ᠠᠭᠲᠠ ᠶᠢᠨ ᠳᠠᠪᠬᠢᠭᠤᠯᠬᠤ ᠰᠦᠷ ᠬᠦᠴᠦᠨ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠩ ᠣᠯᠠᠨ ᠦᠨᠡᠨ ᠪᠣᠳᠠᠲᠠᠢ ᠠᠵᠢᠯ ᠤᠨ ᠦᠷ᠎ᠡ ᠪᠦᠲᠦᠭᠡᠯ ᠢ ᠴᠢᠷᠮᠠᠶᠢᠨ ᠡᠭᠦᠳᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠦᠢᠯᠡᠰ ᠤᠨ ᠲᠥᠯᠥᠭᠡ ᠬᠥᠮᠥᠨ ᠰᠣᠩᠭᠤᠨ ᠬᠥᠮᠥᠨ ᠬᠡᠷᠡᠭᠯᠡᠬᠦ ᠠᠵᠢᠯ ᠢᠶᠠᠨ ᠲᠥᠪ ᠭᠤᠣᠯᠴᠢ ᠴᠢᠩᠭ᠎ᠠ ᠲᠣᠳᠣᠷᠬᠠᠢ ᠬᠢᠵᠦ᠂ ᠬᠥᠮᠥᠨ ᠪᠠ ᠤᠴᠢᠷ ᠶᠠᠪᠤᠳᠠᠯ ᠢ ᠦᠵᠡᠵᠦ ᠪᠠᠶᠢᠭᠠᠳ ᠺᠠᠳ᠋ᠷᠴᠤᠳ ᠲᠤ ᠲᠦᠰᠢᠭ ᠪᠣᠯᠵᠤ ᠡᠷᠴᠢ ᠵᠣᠷᠢᠭ ᠢ ᠨᠢ ᠬᠥᠪᠴᠢᠯᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠬᠦᠯᠢᠶᠡᠰᠦ ᠶᠢ ᠨᠢ ᠦᠨᠡᠨ ᠬᠦ ᠰᠤᠯᠠᠷᠠᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠵᠣᠷᠢᠭᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号