— 2024 ᠣᠨ ᠤ 1 ᠰᠠᠷ᠎ᠠ ᠶᠢᠨ 16 ᠤ ᠡᠳᠦᠷ ᠦᠬᠠᠢ ᠬᠤᠳᠠ ᠶᠢᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯ ᠳᠡᠭᠡᠷ᠎ᠡ | | ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠼᠦᠢ ᠵᠢᠩ ᠶᠢᠩ | ᠲᠥᠯᠥᠭᠡᠯᠡᠭᠴᠢᠳ ᠠ᠋᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠣᠷ᠎ᠠ᠂ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠵᠤ᠂ | ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠬᠦ ᠶᠢ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ ᠪᠦᠲᠦᠴᠡ | ᠪᠠᠨ ᠲᠣᠬᠢᠷᠠᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠢᠲᠡᠭᠡᠯ ᠵᠣᠷᠢᠭ ᠢ ᠪᠠᠲᠤᠳᠬᠠᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃ | 2023 ᠣᠨ ᠪᠣᠯ ᠬᠦᠴᠦᠯᠡᠨ ᠲᠡᠮᠡᠴᠡᠵᠦ᠂ ᠡᠯᠪᠡᠭ ᠪᠠᠶᠠᠯᠢᠭ ᠦᠷ᠎ᠡ ᠪᠦᠲᠦᠮᠵᠢ ᠣᠯᠣᠭᠰᠠᠨ ᠨᠢᠭᠡ ᠵᠢᠯ | ᠪᠣᠯᠣᠨ᠎ᠠ᠃ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ 0.1% ᠢᠶᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 18.3% ᠪᠠᠷ ᠨᠡᠮᠡᠭᠳᠡᠵᠦ᠂ 25 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ︔ | ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 8.1% ᠪᠠᠷ | ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 4.6% ᠪᠠᠷ | ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠲᠤᠰ ᠲᠤᠰ 3.8%᠂ 6.3% ᠪᠠᠷ ᠨᠡᠮᠡᠭᠳᠡᠪᠡ᠃ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ | ᠠᠳᠬᠤᠵᠤ᠂ ᠲᠠᠪᠤᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠵᠢᠱᠢᠯᠲᠡ ᠪᠠᠷ ᠬᠡᠦᠷᠡᠰᠦ ᠶᠢᠨ ᠭᠠᠷᠤᠯᠲᠠ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠪᠠᠶᠢᠭᠤᠯᠵᠤ | ᠳᠠᠭᠤᠰᠤᠭᠰᠠᠨ᠂ ᠪᠠᠶᠢᠭᠤᠯᠵᠤ ᠪᠠᠶᠢᠭ᠎ᠠ BDO ᠦᠢᠯᠡᠳᠪᠦᠷᠢᠯᠡᠯ ᠤᠨ ᠴᠢᠳᠠᠪᠤᠷᠢ 160 ᠲᠦᠮᠡᠨ ᠲᠣᠨ ᠳᠤ | ᠬᠦᠷᠴᠡᠢ︔ ᠠᠮᠤ ᠪᠤᠳᠠᠭ᠎ᠠ᠂ ᠢᠳᠡᠰᠢᠨ ᠨᠣᠭᠤᠭ᠎ᠠ᠂ ᠮᠢᠬᠠᠨ ᠤ ᠵᠦᠢᠯ ᠤᠨ ᠭᠠᠷᠤᠯᠲᠠ ᠲᠤᠰ ᠲᠤᠰ 12.5%᠂ 6. | 3%᠂ 9.4% ᠪᠠᠷ ᠨᠡᠮᠡᠭᠳᠡᠪᠡ︔ ᠭᠠᠳᠠᠭᠠᠳᠤ ᠠᠷᠠᠯᠵᠢᠶ᠎ᠠ ᠶᠢ 79 ᠤᠯᠤᠰ ᠪᠠ ᠭᠠᠵᠠᠷ ᠣᠷᠣᠨ ᠳᠤ ᠬᠦᠷᠲᠡᠯ᠎ᠡ | ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢ 11 ᠳ᠋ᠦᠩᠰᠢᠭᠤᠷ ᠲᠥᠭᠦᠷᠢᠭ ᠲᠤ ᠬᠦᠷᠭᠡᠪᠡ︔ | ᠭᠤᠣᠯ ᠬᠤᠲᠠ ᠶᠢᠨ ᠲᠣᠭᠤᠷᠢᠭ ᠤᠨ ᠡᠯᠡᠰᠦᠨ ᠰᠢᠭᠤᠷᠭ᠎ᠠ ᠪᠠᠷᠢᠮᠵᠢᠶ᠎ᠠ ᠠᠴᠠ ᠬᠡᠲᠦᠷᠡᠭᠰᠡᠨ ᠡᠳᠦᠷ ᠢ ᠭᠠᠷᠭᠠᠪᠠᠯ | ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ 83.3% ᠳᠤ ᠬᠦᠷᠴᠦ᠂ PM-2.5᠂ PM-10 ᠪᠣᠯᠣᠨ | ᠣᠽᠣᠨ ᠤ ᠥᠳᠬᠡᠴᠡ ᠲᠡᠦᠬᠡ ᠶᠢᠨ ᠬᠠᠮᠤᠭ ᠤᠨ ᠰᠢᠯᠢᠳᠡᠭ ᠬᠢᠷᠢ ᠲᠦᠪᠰᠢᠨ ᠳᠤ ᠬᠦᠷᠴᠦ᠂ ᠬᠠᠲᠤᠨ ᠭᠤᠣᠯ ᠤᠨ | ᠦᠬᠠᠢ ᠶᠢᠨ ᠬᠡᠰᠡᠭ ᠤᠨ ᠤᠰᠤᠨ ᠤ ᠴᠢᠨᠠᠷ 7 ᠵᠢᠯ ᠳᠠᠷᠠᠭᠠᠯᠠᠨ Ⅱ ᠲᠥᠷᠥᠯ ᠳᠤ ᠪᠠᠶᠢᠬᠤ ᠶᠢ ᠪᠠᠲᠤᠯᠠᠪᠠ︔ | ᠠᠶᠤᠯᠭᠦᠢ ᠦᠢᠯᠡᠳᠪᠦᠷᠢᠯᠡᠯ ᠤᠨ ᠡᠭᠦᠰᠦᠭᠰᠡᠨ ᠠᠳᠡᠯ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ | ᠪᠦᠬᠦ ᠬᠤᠳᠠ ᠶᠢᠨ ᠶᠡᠷᠦᠩᠬᠡᠶᠢᠯᠡᠭᠰᠡᠨ ᠥᠷᠢ ᠥᠭᠴᠡᠭᠡᠨ ᠤ ᠨᠤᠷᠮ᠎ᠠ ᠶᠡᠬᠡᠪᠡᠷ ᠪᠠᠭᠤᠷᠠᠵᠤ᠂ ᠬᠤᠳᠠ ᠶᠢᠨ ᠲᠤᠰ ᠱᠠᠲᠤ | ᠪᠣᠯᠣᠨ ᠬᠠᠶᠢᠨᠠᠨ ᠲᠣᠭᠤᠷᠢᠭ ᠤᠨ ᠬᠢᠨ ᠵᠠᠰᠠᠭ ᠤᠨ ᠣᠷᠳᠣᠨ ᠤ ᠥᠷᠢ ᠥᠭᠴᠡᠭᠡᠨ ᠤ ᠥᠨᠳᠥᠷ ᠲᠦᠭᠰᠢᠭᠦᠷᠢ ᠶᠢᠨ | ᠲᠡᠰ ᠠᠴᠠ ᠤᠬᠤᠷᠢᠨ ᠭᠠᠷᠴᠤ᠂ ᠮᠥᠩᠭᠦᠨ ᠭᠦᠢᠯᠭᠡᠭᠡ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ | ᠵᠡᠷᠭᠡ ᠬᠤᠷᠢᠭ᠎ᠠ ᠱᠤᠭᠤᠮ ᠢ ᠪᠠᠲᠤ ᠰᠠᠬᠢᠪᠠ᠃ ᠪᠢᠳᠡ ᠪᠠᠷᠢᠮᠵᠢᠶ᠎ᠠ ᠪᠠᠨ ᠥᠨᠳᠥᠷ ᠲᠣᠭᠲᠠᠭᠠᠵᠤ᠂ ᠲᠡᠷᠢᠬᠦᠨ ᠳᠤ | ᠣᠷᠣᠬᠤ ᠪᠠᠷ ᠲᠠᠪᠰᠢᠨ ᠴᠢᠷᠮᠠᠶᠢᠵᠤ᠂ ᠮᠠᠨ ᠤ ᠬᠤᠲᠠ ᠪᠥᠬᠦ ᠤᠯᠤᠰ ᠤᠨ ᠳᠥᠷᠪᠡᠳᠦᠭᠡᠷ ᠪᠦᠯᠦᠭ ᠤᠨ ᠨᠡᠶᠢᠭᠡᠮ ᠤᠨ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ᠂ ᠪᠥᠬᠦ ᠤᠯᠤᠰ ᠤᠨ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ︽ᠬᠢᠷᠢ ᠲᠡᠩᠴᠡᠭᠰᠡᠨ | ᠬᠤᠲᠠ︾᠂ ᠤᠯᠤᠰ ᠤᠨ ᠳᠠᠬᠢᠯᠲᠠ ᠤᠰᠤᠨ ᠤ ᠠᠰᠢᠭᠯᠠᠯᠲᠠ ᠶᠢᠨ ᠲᠣᠬᠢᠷᠠᠭᠤᠯᠤᠯᠲᠠ ᠶᠢᠨ ᠰᠢᠯᠢᠳᠡᠭ ᠲᠤᠷᠰᠢᠯᠲᠠ ᠶᠢᠨ | ᠬᠤᠲᠠ᠂ ᠤᠯᠤᠰ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠲᠠ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠪᠠᠷ ᠦᠨᠡᠯᠡᠭᠳᠡᠪᠡ᠃ ᠤᠯᠤᠰ ᠤᠨ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢᠨ ᠰᠢᠯᠭᠠᠨ | ᠦᠨᠡᠯᠡᠯᠳᠡ ᠶᠢ ᠤᠷᠤᠭᠰᠢᠲᠠᠢ ᠥᠩᠭᠡᠷᠡᠭᠦᠯᠵᠦ᠂ ᠡᠷᠡᠭᠦᠯ ᠮᠡᠨᠲᠤ ᠥᠪᠥᠷ ᠮᠣᠩᠭᠤᠯ ᠤᠨ ᠠᠵᠢᠯᠯᠠᠭ᠎ᠠ ᠳᠤ ᠣᠯᠣᠭᠰᠠᠨ | ᠶᠡᠷᠦᠩᠬᠡᠢ ᠬᠤᠪᠢ ᠪᠥᠬᠦ ᠣᠷᠣᠨ ᠳᠤ ᠲᠡᠷᠢᠬᠦᠯᠡᠵᠦ᠂ ᠠᠷᠠᠳ ᠲᠦᠮᠡᠨ ᠤ ᠡᠷᠡᠭᠦᠯ ᠮᠡᠨᠳᠦ ᠶᠢᠨ ᠪᠠᠲᠤᠯᠠᠭ᠎ᠠ ᠶᠢᠨ | ᠭᠦᠢᠴᠡᠳᠬᠡᠯ ᠲᠤᠭ᠎ᠠ ᠭᠤᠷᠪᠠᠨ ᠵᠢᠯ ᠳᠠᠷᠠᠭᠠᠯᠠᠨ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ︽ᠨᠢᠭᠡ | ᠮᠦᠴᠡᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ︾ ᠶᠢ ᠪᠥᠬᠦ ᠤᠯᠤᠰ ᠤᠨ ᠥᠭᠡᠷᠡᠴᠢᠯᠡᠯᠲᠡ ᠶᠢᠨ | ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠪᠠ᠃ ᠬᠠᠶᠢᠷᠤᠪ ᠤᠨ ᠲᠤᠬᠤᠢ ᠲᠣᠭᠤᠷᠢᠭ ᠥᠪᠡᠷᠲᠡᠭᠡᠨ ᠵᠠᠰᠠᠬᠤ | ᠣᠷᠣᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠣᠷᠣᠨ | ᠢᠶᠠᠷ ᠵᠢᠭᠰᠠᠭᠠᠭᠳᠠᠵᠤ᠂ ᠤᠳᠠ ᠲᠣᠭᠤᠷᠢᠭ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠪᠦᠯᠦᠭᠵᠢᠯ ᠪᠦᠬᠦ ᠣᠷᠣᠨ ᠤ ᠲᠤᠲᠤᠷ᠎ᠠ ᠤᠯᠤᠰ ᠤᠨ ᠳᠡᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠣᠨᠴᠠᠯᠢᠭᠲᠤ | ᠠᠵᠤ ᠦᠢᠯᠡᠰ ᠤᠨ ᠪᠦᠯᠦᠭᠵᠢᠯ ᠳᠤ ᠤᠷᠢᠳᠴᠢᠯᠠᠨ ᠣᠷᠣᠵᠣ᠂ ᠬᠠᠶᠢᠨᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠲᠦᠷᠦᠭᠦᠦ ᠪᠦᠯᠦᠭ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠵᠢᠱᠢᠶ᠎ᠡ ᠪᠠᠷ | ᠦᠨᠡᠯᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠬᠡᠯᠳᠡ ᠶᠢᠨ ᠤᠷᠤᠨ ᠬᠤᠶᠠᠷ ᠵᠢᠯ ᠳᠠᠷᠠᠭᠠᠯᠠᠨ | ᠪᠦᠬᠦ ᠤᠯᠤᠰ ᠤᠨ ᠮᠤᠵᠢ ᠶᠢᠨ ᠲᠡᠰ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠵᠠᠭᠤᠨ | ᠬᠦᠴᠦᠷᠬᠡᠭ ᠤᠨ ᠡᠩᠨᠡᠭᠡᠨ ᠳᠤ ᠣᠷᠣᠵᠤ᠂ ᠪᠦᠬᠦ ᠬᠤᠳᠠ ᠪᠠᠷ ᠢᠶᠠᠨ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ | ᠭᠠᠷᠬᠤ᠂ ᠥᠷᠢᠰᠦᠯᠳᠦᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠭᠤᠷ ᠠᠮᠢᠰᠬᠤᠯ ᠢ ᠪᠤᠢ ᠪᠣᠯᠭᠠᠵᠤ᠂ | ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠢᠶᠠᠨ ᠦᠬᠠᠢ ᠶᠢᠨ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠪᠢᠴᠢᠭᠯᠡᠪᠡ᠃ | ᠡᠨᠡ ᠨᠢᠭᠡ ᠵᠢᠯ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡᠬᠦ ᠲᠡᠷᠢᠭᠦᠨ ᠴᠢᠬᠤᠯᠠ | ᠡᠭᠦᠷᠭᠡ ᠶᠢᠨ ᠲᠣᠭᠤᠷᠢᠨ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠬᠢᠪᠡ᠃ | ᠨᠢᠭᠡ ᠳᠤ᠂ ᠠᠵᠤ ᠠᠬᠤᠢ ᠶᠢᠨ ᠲᠣᠭᠲᠠᠪᠤᠷᠢᠵᠢᠨ ᠰᠠᠶᠢᠵᠢᠷᠠᠬᠤ ᠶᠢ ᠲᠦᠯᠬᠢᠨ ᠠᠬᠢᠭᠤᠯᠪᠡ᠃ ᠠᠯᠢ ᠤᠯᠠᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠢᠲᠡᠭᠡᠯ ᠵᠣᠷᠢᠭ ᠢᠶᠠᠨ ᠬᠥᠪᠴᠢᠯᠡᠵᠦ᠂ ᠪᠡᠯᠡ | ᠣᠷᠣᠭᠤᠯᠤᠯᠲᠠ ᠪᠠᠨ ᠥᠷᠭᠡᠳᠬᠡᠨ ᠲᠣᠭᠲᠠᠭᠤᠨ ᠢᠶᠠᠷ ᠨᠡᠮᠡᠭᠳᠡᠭᠦᠯᠵᠦ᠂ ᠭᠠᠶᠢᠯᠢ ᠦᠯᠡᠳᠡᠭᠡᠵᠤ ᠭᠠᠶᠢᠯᠢ ᠪᠤᠴᠠᠭᠠᠭᠰᠠᠨ᠂ | ᠭᠠᠶᠢᠯᠢ ᠬᠤᠶᠢᠰᠢᠯᠠᠭᠤᠯᠵᠤ ᠰᠦᠢᠳᠬᠡᠯ ᠪᠠᠭᠤᠷᠠᠭᠤᠯᠤᠭᠰᠠᠨ ᠨᠢ ᠨᠡᠶᠢᠳᠡ 20 ᠭᠠᠷᠤᠢ ᠳ᠋ᠦᠩᠰᠢᠭᠤᠷ ᠲᠥᠭᠦᠷᠢᠭ | ᠬᠦᠷᠴᠦ᠂ ᠵᠢᠭᠡᠯᠡᠯᠭᠡ ᠶᠢᠨ ᠦᠯᠡᠳᠡᠪᠦᠷᠢ ᠲᠤᠭ᠎ᠠ 15.6% ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ | 14.2% ᠢᠶᠠᠷ ᠨᠡᠮᠡᠭᠳᠡᠪᠡ᠃ ᠭᠤᠣᠯᠳᠠᠯᠭ᠎ᠠ ᠲᠠᠢ ᠲᠥᠷᠥᠯ ᠵᠦᠢᠯ ᠤᠨ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ | ᠮᠣᠷᠢ ᠤᠷᠤᠯᠳᠤᠬᠤ ᠮᠡᠲᠤ ᠬᠡᠷ ᠬᠦᠴᠦᠯᠡᠬᠦ︾ ᠠᠵᠢᠯ ᠤᠨ ᠲᠣᠭᠲᠠᠴᠠ ᠪᠠ ᠤᠯᠠᠷᠢᠯ ᠪᠦᠷᠢ ᠶᠢᠨ ᠲᠤᠬᠠᠢ ᠶᠢᠨ | ᠲᠠᠯᠠᠪᠤᠷ ᠲᠤ ᠲᠣᠭᠤᠷᠢᠨ ᠦᠵᠡᠬᠦ ᠲᠣᠭᠲᠠᠴᠠ ᠶᠢ ᠪᠠᠶᠢᠭᠤᠯᠵᠤ᠂ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠤᠨ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ 296 ᠭᠤᠣᠯᠳᠠᠯᠭ᠎ᠠ ᠲᠠᠢ ᠲᠥᠷᠥᠯ | ᠵᠦᠢᠯ ᠤᠨ ᠠᠵᠢᠯ ᠰᠡᠷᠭᠦᠭᠡᠵᠦ ᠠᠵᠢᠯ ᠡᠬᠢᠯᠡᠬᠦᠯᠦᠭᠰᠡᠨ ᠨᠣᠷᠮ᠎ᠠ ᠶᠢ 100% ᠳᠤ ᠬᠦᠷᠭᠡᠵᠦ᠂ 263 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠨᠡᠶᠢᠲᠡ 86 ᠲᠥᠷᠥᠯ ᠵᠦᠢᠯ ᠳᠤ ᠭᠡᠷ᠎ᠡ ᠲᠣᠭᠲᠠᠵᠤ᠂ | ᠵᠢᠱᠢᠯᠲᠡ ᠪᠠᠷ ᠣᠷᠣᠭᠤᠯᠤᠨ ᠠᠪᠴᠢᠷᠠᠵᠤ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠣᠷᠴᠢᠮ | ᠨᠡᠮᠡᠭᠳᠡᠭᠦᠯᠦᠨ᠎ᠡ᠃ ᠬᠦᠷᠢᠶᠡᠯᠡᠩ ᠲᠣᠭᠤᠷᠢᠭ ᠲᠤ ᠨᠠᠶᠢᠳᠠᠪᠤᠷᠢᠵᠢᠭᠰᠠᠨ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 774.1 ᠳ᠋ᠦᠩᠰᠢᠭᠤᠷ ᠲᠥᠭᠦᠷᠢᠭ ᠲᠤ ᠬᠥᠷᠪᠡ᠃ | ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠡ᠃ | ᠤᠯᠠᠮᠵᠢᠯᠠᠯᠲᠤ ᠠᠵᠤ ᠦᠢᠯᠡᠰ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠤ ᠰᠢᠨ᠎ᠡ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠪᠠ᠃ ᠠᠭᠤᠷᠬᠠᠢ ᠶᠢᠨ ᠡᠷᠬᠡ᠂ ᠬᠡᠦᠷᠰᠢᠭᠦᠯᠬᠦ᠂ ᠨᠡᠭᠦᠷᠡᠰᠦ ᠤᠬᠢᠶᠠᠬᠤ ︽ᠭᠤᠷᠪᠠ ᠶᠢ ᠨᠡᠶᠢᠳᠭᠡᠬᠦ︾ ᠳᠤ | ᠦᠷᠭᠦᠯᠵᠢᠯᠡᠨ ᠬᠦᠴᠦᠯᠡᠵᠦ᠂ ᠠᠭᠤᠷᠬᠠᠢ ᠶᠢᠨ ᠡᠷᠬᠡ ᠶᠢ ᠨᠡᠶᠢᠳᠭᠡᠬᠦ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ︔ 729 ᠲᠦᠮᠡᠨ ᠲᠣᠨ ᠬᠡᠦᠷᠰᠢᠭᠦᠯᠬᠦ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠪᠥᠬᠦ | ᠣᠷᠣᠨ ᠤ ᠨᠢᠭᠡᠳᠦᠭᠡᠷ ᠲᠤ ᠣᠷᠣᠵᠤ᠂ ᠨᠢᠭᠡ 500 ᠲᠦᠮᠡᠨ ᠲᠣᠨ ᠬᠡᠦᠷᠰᠢᠭᠦᠯᠬᠦ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠵᠤ᠂ ᠨᠢᠭᠡ 300 ᠲᠦᠮᠡᠨ ᠲᠣᠨ ᠬᠡᠦᠷᠰᠢᠭᠦᠯᠬᠦ ᠲᠥᠷᠥᠯ ᠵᠦᠢᠯ ᠢ ᠦᠨᠳᠦᠰᠦᠨ ᠳᠡᠭᠡᠨ | ᠪᠠᠶᠢᠭᠤᠯᠤᠨ ᠳᠠᠭᠤᠰᠬᠠᠵᠤ᠂ ᠭᠤᠷᠪᠠᠨ 300 ᠲᠦᠮᠡᠨ ᠲᠣᠨ ᠠᠴᠠ ᠳᠡᠭᠡᠭᠰᠢᠬᠢ ᠬᠡᠦᠷᠰᠢᠭᠦᠯᠬᠦ ᠲᠥᠷᠥᠯ ᠵᠦᠢᠯ ᠤᠨ | ᠠᠬᠢᠴᠠ ᠤᠷᠤᠭᠰᠢᠲᠠᠢ ᠪᠣᠯᠪᠠ︔ ᠲᠦᠷᠪᠡᠨ ᠶᠡᠷᠦᠩᠬᠡᠶᠢᠯᠡᠭᠰᠡᠨ ᠴᠢᠨᠠᠷᠲᠠᠢ ᠨᠡᠭᠦᠷᠡᠰᠦᠨ ᠤ ᠠᠵᠤ ᠦᠢᠯᠡᠰ ᠤᠨ | ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠳᠲᠡᠷ ᠲᠦᠷᠭᠡᠨ ᠠᠭᠢᠭᠤᠯᠪᠠ᠃ ᠪᠣᠬᠢᠷᠲᠤᠯ | ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ᠂ BDO ᠦᠢᠯᠡᠳᠪᠦᠷᠢᠯᠡᠯ ᠤᠨ ᠰᠠᠭᠤᠷᠢᠨ ᠭᠠᠵᠠᠷ ᠪᠠ BDO | ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠳᠠ ᠰᠢᠪᠲᠤᠯᠤᠯᠳᠠ ᠲᠠᠢ ᠪᠤᠯᠵᠤ᠂ ︽ᠠᠯᠠᠱᠠ ᠶᠢᠨ ᠴᠠᠬᠢᠯᠭᠠᠨ ᠢ | ᠦᠬᠠᠢ ᠳᠤ ᠣᠷᠣᠭᠤᠯᠬᠤ︾ ᠠᠩᠬᠠᠨ ᠤ ᠬᠤᠭᠤᠴᠠᠭᠠᠨ ᠤ ᠬᠠᠮᠲᠤᠷᠠᠯᠴᠠᠭᠠᠨ ᠤ ᠵᠦᠢᠯᠡᠰ ᠢ ᠡᠬᠢᠯᠡᠭᠦᠯᠵᠦ᠂ ᠤᠰᠤ | ᠲᠠᠲᠠᠵᠤ ᠡᠨᠧᠷᠭᠢ ᠬᠠᠳᠠᠭᠠᠯᠠᠬᠤ ᠵᠡᠷᠭᠡ ᠰᠢᠨ᠎ᠡ ᠡᠨᠧᠷᠭᠢ ᠶᠢᠨ 16 ᠵᠦᠢᠯᠡᠰ ᠢ ᠲᠣᠭᠲᠠᠭᠤᠨ ᠢᠶᠠᠷ ᠬᠡᠷᠡᠭᠵᠢᠭᠦᠯᠵᠦ᠂ | BDO ᠶᠢ ᠨᠢᠭᠡ ᠴᠣᠭᠴᠠᠵᠢᠭᠤᠯᠬᠤ 5 ᠵᠦᠢᠯᠡᠰ ᠢ ᠤᠷᠤᠭᠰᠢᠲᠠᠢ ᠠᠬᠢᠭᠤᠯᠵᠤ᠂ ᠤᠯᠤᠰ ᠤᠨ ᠳᠣᠲᠣᠭᠠᠳᠤ ᠶᠢᠨ | ᠠᠩᠬᠠᠳᠠᠭᠴᠢ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠨ᠂ ᠮᠠᠨ ᠤ | ᠬᠤᠳᠠ ᠶᠢ ᠪᠦᠬᠦ ᠤᠯᠤᠰ ᠤᠨ BDO ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠥᠨᠢᠳᠡ ᠶᠢᠨ | ᠡᠷᠬᠢᠯᠡᠬᠦ ᠭᠠᠵᠠᠷ ᠢᠶᠠᠷ ᠲᠣᠭᠲᠠᠭᠠᠵᠤ᠂ ᠰᠢᠩ ᠹᠠ ᠣᠷᠭᠠᠨᠢᠭ ᠴᠠᠬᠢᠭᠤᠷ ᠢ ᠨᠢᠭᠡ ᠴᠣᠭᠴᠠᠵᠢᠭᠤᠯᠬᠤ ᠵᠡᠷᠭᠡ ᠵᠦᠢᠯᠡᠰ ᠢ | ᠲᠦᠷᠭᠡᠪᠴᠢᠯᠡᠨ ᠪᠦᠲᠦᠭᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ | ᠠᠵᠤ ᠦᠢᠯᠡᠰ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠲᠤᠤᠷ᠎ᠠ | ᠨᠡᠭᠦᠷᠡᠰᠦᠲᠥ᠋ᠷᠥᠭᠴᠢᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠪᠠ᠃ | ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ ᠶᠢ | ᠠᠮᠵᠢᠯᠲᠠ ᠲᠠᠢ ᠡᠷᠭᠢᠯᠡᠵᠦ᠂ ᠠᠭᠠᠷ ᠤᠨ ᠠᠶᠠᠯᠠᠯ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 70 | ᠲᠦᠮᠡᠨ ᠬᠥᠮᠥᠨ ᠤᠳᠠᠭ᠎ᠠ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠵᠢᠭᠤᠯᠴᠢᠯᠠᠯ ᠤᠨ ᠬᠥᠮᠥᠨ | ᠤᠳᠠᠭ᠎ᠠ ᠪᠠ ᠣᠷᠣᠯᠭ᠎ᠠ ᠲᠣᠰ ᠲᠣᠰ 90%᠂ 123.7% ᠪᠠᠷ ᠨᠡᠮᠡᠭᠳᠡᠪᠡ᠃ ︽ᠳᠥᠷᠪᠡᠨ ᠠᠵᠤ ᠠᠬᠤᠢ︾ ᠶᠢ | ᠶᠡᠬᠡᠪᠡᠷ ᠬᠥᠭᠵᠢᠭᠦᠯᠵᠦ᠂ 37 ᠰᠥᠨᠢ ᠶᠢᠨ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠢ ᠶᠢ ᠨᠢᠭᠡᠳᠦᠯᠲᠡᠢ ᠲᠥᠯᠥᠪᠯᠡᠨ | ᠪᠠᠶᠢᠷᠢᠰᠢᠭᠤᠯᠵᠤ᠂ 45 ᠲᠦᠷᠦᠭᠦᠸ ᠳᠡᠯᠭᠡᠭᠦᠷ ᠤᠨ ᠨᠠᠷᠠᠲᠤ ᠲᠡᠮᠳᠡᠭᠲᠦ ᠶᠢ ᠣᠷᠣᠭᠤᠯᠤᠨ ᠠᠪᠴᠢᠷᠠᠪᠠ᠃ 6000 ᠮᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠪᠦᠲᠦᠭᠡᠨ ᠪᠠᠶᠢᠭᠤᠯᠤᠯᠳᠠ ᠶᠢᠨ ᠢᠵᠢ ᠪᠦᠷᠢᠳᠦᠭᠦᠯᠬᠦ | ᠲᠥᠷᠥᠯ ᠵᠦᠢᠯ᠂ 3 ᠮᠢᠩᠭᠠᠨ ᠮᠦ ᠠᠮᠤ ᠪᠤᠳᠠᠭᠠᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠣᠷᠣᠨ᠂ ᠵᠠᠭᠤᠨ ᠮᠦ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠲᠥᠷᠥᠯ ᠵᠦᠢᠯ ᠤᠨ | ᠠᠬᠢᠴᠠ ᠤᠷᠤᠭᠰᠢᠲᠠᠢ ᠶᠠᠪᠤᠭᠳᠠᠵᠤ᠂ ᠦᠬᠠᠢ ᠶᠢᠨ ᠦᠵᠦᠮ ᠤᠨ ︽蒙︾ ᠦᠰᠦᠭᠲᠤ ᠲᠡᠮᠳᠡᠭ ᠤᠨ ᠨᠡᠶᠢᠲᠡ ᠶᠢᠨ | ᠪᠠᠷᠢᠮᠵᠢᠶ᠎ᠠ ᠶᠢ ᠨᠡᠶᠢᠲᠡᠯᠡᠵᠦ᠂ ︽ᠦᠬᠠᠢ ᠶᠢᠨ ᠦᠵᠦᠮ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠥᠷᠲᠡᠭ 18 ᠳ᠋ᠦᠩᠰᠢᠭᠤᠷ ᠲᠥᠭᠦᠷᠢᠭ ᠲᠤ ᠬᠥᠷᠪᠡ᠃ | ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠡ᠃ | ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ | ᠬᠦᠷᠢᠶ᠎ᠡ︾ ᠶᠢᠨ ᠲᠤᠷᠰᠢᠯᠲᠠ ᠶᠢᠨ ᠴᠢᠭ ᠢ 12 ᠪᠠᠶᠢᠭᠤᠯᠵᠤ᠂ ᠬᠤᠳᠠ ᠶᠢᠨ ᠶᠠᠪᠤᠳᠠᠯ ᠤᠨ ᠬᠤᠭᠤᠯᠠᠢ ᠲᠣᠣᠷ ᠢ 81. | 5 ᠺᠢᠯᠤᠮᠧᠲᠷ ᠰᠢᠨᠡᠳᠬᠡᠨ᠂ 17 ︽ᠪᠢᠴᠢᠯ ᠴᠡᠴᠡᠷᠯᠢᠭ︾ ᠢ ᠰᠢᠨ᠎ᠡ ᠪᠠᠷ ᠪᠠᠶᠢᠭᠤᠯᠵᠤ᠂ 60 ᠬᠠᠭᠤᠴᠢᠨ ᠪᠠ | ᠬᠠᠭᠤᠴᠢᠷᠠᠭᠰᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠳᠠᠭᠤᠰᠬᠠᠵᠤ᠂ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠤᠨ 2538 ᠢᠵᠢ ᠣᠷᠣᠨ ᠰᠠᠭᠤᠴᠠ᠂ 1790 ᠢᠵᠢ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠭᠡᠷ ᠪᠠᠶᠢᠰᠢᠩ ᠭᠠᠵᠠᠷ ᠬᠥᠷᠥᠩᠭᠡ ᠶᠢᠨ ︽ᠭᠤᠷᠪᠠᠨ ᠬᠦᠴᠢᠷᠳᠡᠯ︾ ᠤᠨ ᠠᠰᠠᠭᠤᠳᠠᠯ ᠢ ᠪᠥᠬᠦᠨ ᠢ ᠰᠢᠢᠳᠪᠦᠷᠢᠯᠡᠪᠡ᠃ | ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠬᠤᠳᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠶᠢᠨ ᠰᠤᠷᠭᠠᠭᠤᠯᠢ ᠶᠢᠨ ᠲᠣᠭᠤᠷᠢᠭ ᠵᠡᠷᠭᠡ 19 ᠵᠦᠢᠯᠡᠰ ᠢ | ᠲᠦᠷᠭᠡᠪᠴᠢᠯᠡᠨ ᠪᠦᠲᠦᠭᠡᠨ ᠪᠠᠶᠢᠭᠤᠯᠪᠠ᠃ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ | ᠦᠬᠠᠢ ᠶᠢᠨ ᠬᠡᠰᠡᠭ ᠵᠡᠷᠭᠡ ᠪᠠᠷᠢᠯᠭ᠎ᠠ ᠶᠢᠨ ᠠᠵᠢᠯ ᠤᠷᠤᠭᠰᠢᠲᠠᠢ ᠶᠠᠪᠤᠭᠳᠠᠵᠤ᠂ S217 ᠬᠠᠶᠢᠷᠤᠪ ᠤᠨ ᠲᠤᠬᠤᠢ | ᠶᠢᠨ ᠬᠤᠲᠠ ᠲᠣᠭᠤᠷᠢᠭᠰᠠᠨ ᠬᠡᠰᠡᠭ ᠵᠡᠷᠭᠡ 4 ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ | 38 ᠲᠠᠰᠤᠷᠬᠠᠢ ᠵᠠᠮ ᠢ ᠨᠡᠪᠲᠡᠷᠡᠭᠦᠯᠪᠡ᠃ 4 ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ | ᠦᠵᠡᠭᠦᠯᠬᠦ ᠣᠷᠣᠨ ᠢ ᠦᠨᠳᠦᠰᠦᠨ ᠳᠡᠭᠡᠨ ᠪᠠᠶᠢᠭᠤᠯᠤᠨ ᠲᠠᠭᠤᠰᠬᠠᠵᠤ᠂ ᠦᠵᠦᠮ ᠤᠨ ᠬᠦᠷᠢᠶᠡᠯᠡᠩ ᠤᠨ ᠨᠣᠭᠤᠭᠠᠨ | ᠵᠠᠮ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ᠲᠠᠷᠢᠶᠠᠯᠠᠬᠤ ᠣᠷᠣᠨ ᠤ ᠠᠷᠢᠭᠤᠨ ᠴᠡᠪᠡᠷ | ᠡᠷᠦᠬᠡ ᠶᠢᠨ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠦᠢᠯᠡᠰ | ᠪᠦᠲᠦᠭᠡᠵᠦ ᠣᠷᠣᠰᠢᠨ ᠰᠠᠭᠤᠬᠤ ᠳᠤ ᠲᠣᠬᠢᠷᠠᠮᠵᠢᠲᠠᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ | ᠳᠥᠷᠪᠡ ᠳᠤ᠂ ᠠᠮᠢ ᠠᠬᠤᠢ ᠶᠢᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠪᠡ᠃ ᠪᠣᠬᠢᠷᠲᠤᠯ ᠢ ᠰᠡᠷᠭᠡᠶᠢᠯᠡᠨ | ᠵᠠᠰᠠᠬᠤ 115 ᠲᠦᠷᠦᠯ ᠵᠦᠢᠯ ᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢ ᠠᠮᠵᠢᠯᠲᠠ ᠲᠠᠢ ᠲᠡᠭᠦᠰᠬᠡᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠪᠡ᠃ | ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠴᠦᠯᠯᠡᠷᠭᠡᠭᠵᠢᠯ ᠢ ᠵᠠᠰᠠᠬᠤ ᠶᠡᠭᠡ ᠳᠠᠶᠢᠯᠠᠯᠳᠤᠭᠠᠨ ᠢ ᠡᠬᠢᠯᠡᠭᠦᠯᠵᠦ᠂ ᠬᠠᠲᠤᠨ ᠭᠤᠣᠯ ᠤᠨ ᠡᠷᠭᠢ ᠶᠢᠨ ᠱᠤᠭᠤᠮ ᠢ 51. | 5 ᠺᠢᠯᠣᠮᠧᠲᠷ ᠵᠠᠰᠠᠵᠤ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠶᠢᠨ ︽ᠬᠤᠣᠰ | ᠬᠠᠰᠤᠭᠳᠠᠯ︾ ᠢ ᠪᠡᠶᠡᠯᠡᠭᠦᠯᠵᠦ᠂ ᠤᠯᠤᠰ ᠤᠨ ᠭᠠᠵᠠᠷ ᠳᠡᠭᠡᠷᠡᠬᠢ ᠤᠰᠤᠨ ᠤ ᠬᠢᠨᠠᠨ ᠰᠢᠯᠭᠠᠯᠲᠠ ᠶᠢᠨ | ᠣᠭᠲᠣᠯᠣᠭᠠᠰᠤ ᠶᠢᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢᠨ ᠪᠠᠶᠢᠳᠠᠯ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠦᠨ᠂ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠣᠨ ᠤ ᠡᠭᠦᠷᠭᠡ ᠶᠢ ᠪᠡᠶᠡᠯᠡᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ᠂ ᠲᠦᠮᠡᠨ | ᠲᠥᠭᠦᠷᠢᠭ ᠤᠨ GDP ᠶᠢᠨ ᠤᠰᠤ ᠬᠡᠷᠡᠭᠯᠡᠬᠦ ᠬᠠᠷᠠᠯᠲᠠ ᠶᠢᠨ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ | ᠠᠩᠬᠠᠳᠤᠭᠠᠷ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠦᠨ ᠠᠰᠢᠭᠯᠠᠬᠤ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ᠂ ᠪᠥᠬᠦ ᠣᠷᠣᠨ ᠳᠤ ᠠᠶᠢᠮᠠᠭ | ᠬᠤᠲᠠ ᠶᠢᠨ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠤᠷᠢᠳᠠᠪᠠᠷ ᠪᠠᠶᠢᠭᠤᠯᠪᠡ᠃ | ᠲᠠᠪᠤ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠡ᠃ ᠠᠵᠤ | ᠠᠬᠤᠢ᠂ ᠠᠮᠢ ᠠᠬᠤᠢ ᠵᠡᠷᠭᠡ ᠬᠦᠷᠢᠶᠡᠨ ᠳᠠᠬᠢ 60 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠵᠦ᠂ | 10 ᠵᠦᠢᠯ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠢᠶᠠᠷ | ᠠᠬᠢᠭᠤᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠲᠠ ᠶᠢᠨ ᠬᠠᠷᠢᠶᠠᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠶᠡᠷᠦᠩᠬᠡᠢ ᠳᠡᠭᠡᠨ | ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ | ᠥᠪᠡᠷᠲᠡᠭᠡᠨ ᠵᠠᠰᠠᠬᠤ ᠣᠷᠣᠨ ᠠᠴᠠ A ᠲᠠᠰ ᠢᠶᠠᠷ ᠦᠨᠡᠯᠡᠪᠡ᠃ ᠵᠠᠰᠠᠭ ᠤᠨ ᠣᠷᠳᠣᠨ ᠤ ᠰᠤᠳᠤᠯᠭᠠᠨ ᠪᠠ | ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠢ 23% ᠪᠠᠷ ᠨᠡᠮᠡᠭᠳᠡᠭᠦᠯᠵᠦ᠂ ︽ᠥᠪᠥᠷ ᠮᠣᠩᠭᠤᠯ ᠤᠨ ᠰᠢᠨᠵᠢᠯᠡᠬᠦ | ᠤᠬᠠᠭᠠᠨ ᠤ ᠴᠤᠭᠯᠠᠷᠠᠯ︾ ᠤᠨ ᠦᠬᠠᠢ ᠶᠢᠨ ᠬᠤᠪᠢᠶᠠᠷᠢ ᠲᠥᠪ ᠢ ᠠᠰᠢᠭᠯᠠᠯᠲᠠ ᠳᠤ ᠣᠷᠣᠭᠤᠯᠤᠨ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ 48 ᠪᠠᠶᠢᠭᠤᠯᠵᠤ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ 111 ᠪᠠᠶᠢᠭᠤᠯᠪᠠ᠃ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ ᠬᠡᠷᠡᠭᠵᠢᠭᠦᠯᠵᠦ᠂ ᠳᠤᠮᠳᠠᠳᠤ ᠮᠣᠩᠭᠤᠯ ᠤᠷᠤᠰ ᠤᠨ | ᠣᠨᠴᠠᠯᠢᠭᠲᠤ ᠠᠷᠠᠯᠵᠢᠶᠠᠨ ᠤ ᠣᠷᠣᠨ ᠢ ᠪᠠᠶᠢᠭᠤᠯᠤᠨ ᠲᠠᠭᠤᠰᠬᠠᠵᠤ ᠠᠰᠢᠭᠯᠠᠯᠲᠠ ᠳᠤ ᠣᠷᠣᠭᠤᠯᠵᠤ᠂ ᠭᠠᠳᠠᠭᠠᠳᠤ | ᠪᠡᠯᠡ ᠶᠢ ᠪᠣᠳᠠᠲᠠᠢ ᠪᠠᠷ ᠠᠰᠢᠭᠯᠠᠭᠰᠠᠨ ᠭᠤᠷᠪᠠᠨ ᠵᠢᠯ ᠠᠴᠠ ᠨᠠᠰᠢ ᠠᠩᠬ᠎ᠠ ᠤᠳᠠᠭ᠎ᠠ ︽ᠲᠡᠭ︾ ᠤᠨ | ᠰᠢᠪᠲᠤᠯᠤᠯᠲᠠ ᠶᠢ ᠪᠡᠶᠡᠯᠡᠭᠦᠯᠪᠡ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠪᠡ᠃ ᠠᠷᠠᠳ ᠤᠨ | ᠠᠮᠢᠳᠤᠷᠠᠯ ᠤᠨ ᠵᠠᠷᠤᠯᠭ᠎ᠠ ᠪᠥᠬᠦ ᠡᠳ᠋ ᠤᠨ ᠬᠦᠴᠦᠨ ᠤ ᠵᠠᠷᠤᠯᠭ᠎ᠠ ᠶᠢᠨ 76.9% ᠶᠢ ᠡᠵᠡᠯᠡᠵᠦ᠂ ᠥᠪᠡᠷᠲᠡᠭᠡᠨ | ᠵᠠᠰᠠᠬᠤ ᠣᠷᠣᠨ ᠤ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠪᠦᠭᠡᠳ | ᠪᠣᠳᠠᠲᠠᠢ ᠪᠠᠷ ᠠᠳᠬᠤᠵᠤ᠂ ︽ᠠᠷᠪᠠᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ︾ ᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠪᠠ᠃ ᠠᠵᠢᠯ ᠣᠯᠭᠤᠯᠲᠠ ᠶᠢ ᠳᠡᠮᠵᠢᠬᠦ ᠪᠡᠯᠡ ᠮᠥᠩᠭᠦ ᠶᠢ 1.33 ᠳ᠋ᠦᠩᠰᠢᠭᠤᠷ ᠲᠥᠭᠦᠷᠢᠭ | ᠲᠠᠷᠬᠠᠭᠠᠵᠤ᠂ ᠬᠦᠴᠢᠷᠳᠡᠯ ᠲᠠᠢ ᠬᠠᠮᠲᠤᠯᠢᠭ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 100% ᠳᠤ | ᠬᠦᠷᠭᠡᠵᠦ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ︽ᠲᠤᠯᠤᠭᠠᠨ ᠵᠢᠯ ᠳᠠᠷᠠᠭᠠᠯᠠᠨ ᠳᠡᠭᠡᠭᠰᠢᠯᠡᠭᠦᠯᠬᠦ︾ ᠶᠢ | ᠪᠡᠶᠡᠯᠡᠭᠦᠯᠪᠡ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ︽1+N︾ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ | ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 97.7% ᠳᠤ ᠬᠦᠷᠴᠦ᠂ ᠤᠯᠤᠰ ᠤᠨ ᠪᠠᠷᠢᠮᠵᠢᠶ᠎ᠠ ᠠᠴᠠ | 12.7 ᠵᠠᠭᠤᠨ ᠤ ᠨᠢᠭᠡᠴᠢ ᠥᠨᠳᠥᠷ ᠪᠣᠯᠪᠠ᠃ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ︽1+N︾ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢᠨ ᠦᠢᠯᠡᠳᠦᠯ ᠢ ᠪᠠᠳᠠᠷᠠᠭᠤᠯᠵᠤ᠂ ᠬᠤᠲᠠ ᠶᠢᠨ ᠠᠷᠠᠳ ᠤᠨ ᠡᠮᠨᠡᠯᠭᠡ ᠶᠢᠨ | ᠬᠤᠷᠢᠶᠠᠨ ᠤ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠠᠰᠠᠷ᠂ ᠬᠠᠶᠢᠷᠤᠪ ᠤᠨ ᠲᠣᠬᠤᠢ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠣᠨᠣᠰᠢᠯᠠᠨ | ᠪᠠᠶᠢᠴᠠᠭᠠᠬᠤ ᠵᠠᠷᠤᠳᠠᠯ ᠢ 100% ᠪᠠᠷ ᠲᠠᠩᠰᠠ ᠲᠠᠶᠢᠯᠪᠠ᠃ ᠪᠡᠶ᠎ᠡ ᠶᠢᠨ ᠲᠠᠮᠢᠷ ᠤᠨ ᠲᠠᠯᠠᠪᠠᠢ ᠶᠢ 31 ᠲᠦᠮᠡᠨ | ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ 3800 ᠭᠠᠷᠤᠢ | ᠲᠠᠯᠠᠪᠣᠷ ᠡᠷᠬᠢᠯᠡᠵᠦ᠂ ᠤᠯᠠᠨ ᠲᠦᠮᠡᠨ ᠳᠤ 200 ᠲᠦᠮᠡᠨ ᠬᠥᠮᠥᠨ ᠤᠳᠠᠭ᠎ᠠ ᠠᠰᠢᠭ ᠬᠦᠷᠲᠡᠭᠡᠪᠡ᠃ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ | ︽ᠭᠤᠷᠪᠠᠨ ᠨᠣᠷᠮ᠎ᠠ︾ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠡᠷᠡᠭᠦᠦ ᠶᠢᠨ ᠬᠡᠷᠡᠭ ᠦᠷᠭᠦᠯᠵᠢᠯᠡᠨ | ᠪᠠᠭᠠᠰᠴᠤ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠶᠤᠯᠬᠦᠢ ᠦᠢᠯᠡᠳᠪᠦᠷᠢᠯᠡᠯ ᠤᠨ ᠠᠳᠡᠯ ᠭᠠᠷᠤᠭᠰᠠᠨ | ᠦᠭᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠵᠢᠭᠦᠯᠦᠨ | ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠨᠢᠭᠡᠴᠡ ᠶᠢ 48 ᠡᠭᠦᠳᠦᠨ ᠪᠠᠶᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ | ᠨᠢᠭᠡ ᠵᠢᠯ ᠤᠨ ᠲᠤᠷᠰᠢ᠂ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠪᠠᠷᠢᠮᠵᠢᠶ᠎ᠠ ᠪᠠᠨ ᠳᠡᠭᠡᠭᠰᠢᠯᠡᠭᠦᠯᠬᠦ᠂ | ᠬᠤᠷᠳᠤᠴᠠ ᠪᠠᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠠᠬᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠬᠤᠪᠢᠷᠠᠭᠤᠯᠬᠤ ᠶᠢ | ᠠᠬᠢᠭᠤᠯᠪᠠ᠃ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠠᠳᠬᠤᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠦᠷᠢᠮ ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠳᠠ ᠶᠢ ᠦᠨᠳᠦᠰᠦᠨ ᠳᠡᠭᠡᠨ | ᠪᠡᠶᠡᠯᠡᠬᠦᠯᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠶᠢ ᠲᠦᠭᠡᠮᠡᠯᠵᠢᠭᠦᠯᠬᠦ ᠶᠢ ᠠᠬᠢᠭᠤᠯᠵᠤ᠂ ᠣᠷᠣᠨ ᠨᠤᠲᠤᠭ ᠤᠨ ᠴᠢᠨᠠᠷᠲᠠᠢ 3 ᠬᠠᠤᠯᠢ | ᠲᠣᠭᠲᠠᠭᠠᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠤᠳᠠ ᠲᠣᠭᠤᠷᠢᠭ᠂ ᠬᠠᠶᠢᠨᠠᠨ ᠲᠣᠭᠤᠷᠢᠭ ᠪᠦᠬᠦ ᠣᠷᠣᠨ ᠤ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠢᠶᠠᠷ | ᠦᠨᠡᠯᠡᠭᠳᠡᠪᠡ᠃ ᠡᠯ᠎ᠡ ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠴᠦ᠂ | ᠰᠡᠳᠬᠢᠯ ᠬᠠᠨᠤᠮᠵᠢᠲᠠᠶ ᠪᠠᠶᠢᠬᠤ ᠨᠤᠷᠮ᠎ᠠ 99.7% ᠬᠦᠷᠪᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ | ᠦᠢᠯᠡᠳᠪᠦᠷᠢ ᠬᠤᠳᠠᠯᠳᠣᠭᠠᠨ ᠤ ᠬᠤᠯᠪᠤᠭᠠᠲᠤ ᠬᠤᠷᠠᠯ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠠᠩᠭᠠᠨ ᠪᠣᠷᠣᠯᠠᠭᠤᠯᠬᠤ | ᠬᠤᠷᠰᠢᠶ᠎ᠠ ᠵᠡᠷᠭᠡ ᠠᠷᠠᠳ ᠤᠨ ᠪᠦᠯᠬᠦᠮ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠲᠡᠮᠵᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠ ᠠᠴᠠ | ᠬᠠᠯᠠᠭᠳᠠᠭᠰᠠᠨ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠲᠤᠭ᠎ᠠ ᠪᠦᠷᠢᠳᠭᠡᠯ ᠬᠢᠨᠠᠨ ᠪᠤᠲᠤᠯᠳᠠ᠂ ᠭᠠᠵᠠᠷ ᠬᠥᠳᠡᠯᠦᠯᠲᠡ | ᠴᠠᠭ ᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ | ᠪᠠᠶᠢᠭᠤᠯᠭ᠎ᠠ ᠶᠢᠨ ᠶᠠᠪᠤᠳᠠᠯ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ᠂ ᠷᠠᠳᠢᠣ᠋ ᠨᠡᠪᠲᠡᠷᠡᠭᠦᠯᠭᠡ ᠺᠢᠨᠣ᠋ | ᠲᠧᠯᠸᠢᠰ ᠵᠡᠷᠭᠡ ᠬᠦᠷᠢᠶᠡᠨ ᠤ ᠠᠵᠢᠯ ᠰᠢᠨ᠎ᠡ ᠲᠠᠪᠰᠢᠯᠳᠠ ᠲᠠᠢ ᠪᠣᠯᠪᠠ᠃ | ᠲᠥᠯᠥᠭᠡᠯᠡᠭᠴᠢᠳ ᠠ᠋︕ ᠠᠮᠵᠢᠯᠲᠠ ᠪᠦᠲᠦᠮᠵᠢ ᠨᠢ ᠬᠦᠴᠢᠷ ᠪᠡᠷᠬᠡᠰᠢᠶᠡᠯ ᠢ ᠨᠢᠭᠲᠠᠷᠠᠭᠤᠯᠵᠤ᠂ ᠬᠤᠪᠢᠷᠠᠯᠲᠠ | ᠨᠢ ᠬᠥᠮᠥᠰ ᠢ ᠡᠷᠡᠯᠬᠡᠭᠯᠡᠨ ᠤᠷᠤᠭᠰᠢᠯᠠᠭᠤᠯᠤᠨ᠎ᠠ᠃ ᠡᠳᠡᠭᠡᠷ ᠠᠮᠵᠢᠯᠲᠠ ᠶᠢ ᠣᠯᠣᠭᠰᠠᠨ ᠤ ᠬᠠᠮᠤᠭ ᠤᠨ ᠦᠨᠳᠦᠰᠦᠨ | ᠵᠦᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠤ ᠪᠤᠢ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠤ ᠪᠤᠢ᠂ ᠪᠦᠬᠦ ᠬᠤᠳᠠ ᠶᠢᠨ ᠥᠷᠭᠡᠨ ᠤᠯᠠᠨ ᠺᠠᠳ᠋ᠷ | ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠵᠦ ᠤᠷᠤᠭᠰᠢᠯᠠᠨ ᠲᠠᠪᠰᠢᠬᠤ ᠳᠤ ᠪᠤᠢ︕ ᠠᠳᠡ᠂ | ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠭᠡᠰᠢᠭᠦᠳ᠂ ᠦᠬᠠᠢ ᠶᠢᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠨᠤᠲᠠᠯᠠᠭᠤᠰᠢᠲᠠᠢ ᠨᠢ ᠯᠠᠪᠳᠠᠢ ᠶᠤᠮ᠂ ᠭᠡᠪᠡᠴᠦ ᠠᠰᠠᠭᠤᠳᠠᠯ ᠳᠤ ᠨᠡᠩ ᠴᠤ ᠵᠥᠪ ᠢᠶᠠᠷ ᠬᠠᠨᠳᠤᠬᠤ | ᠬᠡᠷᠡᠭᠲᠡᠢ᠃ 2023 ᠣᠨ ᠠᠴᠠ ᠨᠠᠰᠢ᠂ ᠮᠠᠨ ᠤ ᠬᠤᠲᠠ ᠶᠢᠨ ᠠᠵᠤ ᠠᠬᠤᠢ ᠶᠢᠨ ᠡᠷᠭᠢᠯᠲᠡ ᠦᠷᠭᠦᠯᠵᠢᠯᠡᠨ | ᠳᠠᠷᠤᠯᠲᠠ ᠶᠢ ᠳᠠᠭᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠮᠵᠢᠶ᠎ᠡ ᠬᠠᠰᠣᠭᠳᠠᠵᠦ ᠦᠨ᠎ᠡ | ᠪᠠᠭᠤᠷᠠᠬᠤ ᠪᠣᠭᠤᠮᠢ ᠶᠢᠨ ᠬᠤᠭᠤᠴᠠᠭ᠎ᠠ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ | ᠡᠪᠡᠷᠰᠢᠶᠡᠯ ᠤᠨ ᠬᠤᠭᠤᠴᠠᠭᠠᠨ ᠤ ᠲᠠᠪᠬᠤᠷᠳᠠᠭᠰᠠᠨ ᠨᠥᠯᠥᠭᠡ ᠶᠢ ᠬᠦᠷᠳᠡᠭᠰᠡᠨ ᠤ ᠳᠡᠭᠡᠷ᠎ᠡ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠬᠦᠨᠳᠦ ᠬᠡᠴᠡᠭᠦᠦ ᠪᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 70% ᠳᠤ ᠬᠦᠷᠬᠦ ᠨᠡᠭᠦᠷᠡᠰᠦ ᠶᠢ ᠨᠡᠭᠡᠭᠡᠨ ᠮᠠᠯᠲᠠᠬᠤ ᠪᠠ | ᠤᠬᠢᠶᠠᠵᠤ ᠰᠢᠯᠢᠬᠦ ᠬᠡᠦᠷᠰᠢᠭᠦᠯᠬᠦ ᠠᠵᠢᠯ ᠲᠥᠷᠥᠯ ᠤᠨ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ | ᠪᠠᠳᠠᠷᠠᠭᠤᠯᠵᠤ ᠴᠢᠳᠠᠭᠰᠠᠨ ᠦᠭᠡᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠦᠷᠭᠦᠯᠵᠢᠯᠡᠨ ᠳᠠᠶᠢᠴᠢᠯᠠᠬᠤ | ᠦᠢᠯᠡᠳᠦᠯ ᠢ ᠨᠢ ᠭᠦᠢᠴᠡᠳ ᠪᠠᠳᠠᠷᠠᠭᠤᠯᠵᠤ ᠴᠢᠳᠠᠭᠰᠠᠨ ᠦᠭᠡᠢ ᠠᠴᠠ ᠪᠣᠯᠵᠤ᠂ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠤᠨ ᠨᠡᠮᠡᠭᠳᠡᠯ ᠤᠨ ᠬᠤᠷᠳᠤᠴᠠ ᠪᠠᠭᠤᠷᠠᠵᠤ᠂ GDP ᠶᠢᠨ ᠨᠡᠮᠡᠭᠳᠡᠯ ᠤᠨ ᠬᠤᠷᠳᠤᠴᠠ ᠵᠢᠱᠢᠯᠲᠡ ᠳᠤ | ᠬᠦᠷᠴᠦ ᠴᠢᠳᠠᠭᠰᠠᠨ ᠦᠭᠡᠢ ᠨᠢ ᠮᠠᠨ ᠤ ᠬᠤᠳᠠ ᠶᠢᠨ ᠨᠡᠭᠦᠷᠡᠰᠦᠨ ᠳᠤ ᠲᠦᠰᠢᠭᠯᠡᠵᠦ ᠡᠨᠧᠷᠭᠢ ᠳᠤ ᠲᠦᠰᠢᠭᠯᠡᠬᠦ | ᠠᠵᠤ ᠦᠢᠯᠡᠰ ᠤᠨ ᠪᠦᠲᠦᠴᠡ ᠶᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠢ ᠪᠠᠶᠢᠬᠤ ᠶᠢ ᠬᠠᠷᠠᠭᠤᠯᠵᠤ | ᠪᠠᠶᠢᠨ᠎ᠠ᠂ ᠡᠷᠬᠡᠪᠰᠢ ᠵᠣᠷᠢᠭ ᠰᠢᠭᠤᠳᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠪᠦᠲᠦᠴᠡ ᠪᠠᠨ ᠬᠤᠪᠢᠷᠠᠭᠤᠯᠬᠤ᠂ ᠴᠢᠳᠠᠮᠵᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠡᠷᠡᠰ | ᠭᠤᠶᠢᠪᠢᠰᠢ ᠦᠭᠡᠢ ᠪᠠᠷ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠮᠠᠨ ᠤ ᠠᠵᠢᠯ ᠤᠨ ᠳᠤᠮᠳᠠ ᠪᠠᠰᠠ ᠴᠥᠭᠡᠨ | ᠪᠤᠰᠤ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ ᠬᠡᠰᠡᠨ ᠢ ᠰᠡᠷᠭᠡᠭ ᠢᠶᠠᠷ ᠣᠯᠵᠤ ᠬᠠᠷᠠᠬᠤ | ᠬᠡᠷᠡᠭᠲᠡᠢ᠂ ᠡᠭᠦᠨ ᠳᠤ ᠭᠤᠣᠯᠳᠠᠭᠤ᠄ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠲᠤᠷ᠎ᠠ ᠪᠠᠨ ᠬᠠᠷᠠᠬᠠᠨ | ᠰᠢᠩᠭᠡᠭᠡᠳᠦᠢ᠂ ᠦᠢᠯᠡ ᠠᠵᠢᠯᠯᠠᠭ᠎ᠠ ᠳᠠᠭᠠᠨ ᠪᠦᠷᠢᠮᠦᠰᠦᠨ ᠰᠢᠩᠭᠡᠭᠡᠳᠦᠢ᠂ ᠠᠵᠤ ᠠᠬᠤᠢ ᠶᠢᠨ ᠬᠥᠭᠵᠢᠯᠲᠡ ᠶᠢᠨ ᠡᠬᠢ | ᠪᠠᠶᠠᠯᠢᠭ ᠤᠨ ᠬᠡᠯᠪᠡᠷᠢ ᠶᠢᠨ᠂ ᠳᠠᠪᠬᠤᠷᠳᠠᠭᠰᠠᠨ ᠬᠡᠯᠪᠡᠷᠢ ᠶᠢᠨ ᠣᠨᠴᠠᠯᠢᠭ ᠮᠥᠨᠬᠦ ᠢᠯᠡᠷᠬᠡᠢ ᠪᠠᠶᠢᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠦᠭᠡᠢ᠂ | ᠦᠵᠡᠰᠬᠦᠯᠡᠩᠲᠦ ᠰᠠᠶᠢᠬᠠᠨ ᠦᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ᠂ ᠠᠷᠠᠳ ᠤᠨ | ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ ᠬᠡᠰᠡᠭ ᠺᠠᠳ᠋ᠷ ᠤᠨ ᠴᠢᠳᠠᠪᠤᠷᠢ ᠬᠡᠪ | ᠴᠢᠨᠠᠷ ᠢ ᠨᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠬᠤ᠂ ᠠᠵᠢᠯ ᠤᠨ ᠰᠤᠷᠲᠠᠯ ᠢᠶᠠᠨ ᠴᠢᠨᠠᠭᠰᠢᠳᠠ | ᠬᠤᠪᠢᠷᠠᠭᠤᠯᠬᠤ ᠴᠢᠬᠤᠯᠠᠲᠠᠢ ᠪᠠᠶᠢᠬᠤ ᠵᠡᠷᠭᠡ ᠪᠣᠯᠣᠨ᠎ᠠ᠃ ᠡᠭᠦᠨ ᠳᠤ ᠪᠢᠳᠡ ᠬᠠᠲᠠᠭᠤ ᠠᠷᠭ᠎ᠠ ᠪᠣᠳᠠᠲᠠᠢ ᠠᠷᠭ᠎ᠠ | ᠬᠡᠮᠵᠢᠶ᠎ᠡ ᠠᠪᠴᠤ᠂ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠶᠢ ᠠᠬᠢᠭᠤᠯᠵᠤ᠂ ᠪᠦᠬᠦ ᠬᠤᠳᠠ ᠶᠢᠨ ᠠᠷᠠᠳ | ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ | ᠰᠢᠰᠲ᠋ᠧᠮ ᠲᠠᠢ ᠪᠠᠶᠢᠷᠢᠯᠠᠭᠤᠯᠵᠤ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠵᠢᠷᠭᠤᠭᠠᠨ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠵᠤ᠂ ᠲᠦᠷᠦᠯ | ᠵᠦᠢᠯ ᠤᠨ ᠪᠡᠯᠡ ᠣᠷᠣᠭᠤᠯᠤᠯᠲᠠ ᠵᠡᠷᠭᠡ ᠲᠤᠯᠤᠭᠠᠨ ᠲᠠᠯ᠎ᠠ ᠶᠢᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠪᠢᠳᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ | ᠰᠠᠶᠢᠲᠤᠷ ᠪᠡᠶᠡᠯᠡᠬᠦᠯᠵᠦ᠂ ᠢᠯᠠᠯᠲᠠ ᠶᠢᠨ ᠡᠷᠴᠢᠨ ᠳᠡᠭᠡᠷ᠎ᠡ ᠪᠠᠨ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ | ᠣᠷᠣᠬᠤ︾ ᠳᠤ ᠴᠢᠭᠯᠡᠯ ᠪᠠ ᠵᠠᠮ ᠢ ᠲᠣᠳᠣᠷᠬᠠᠢ ᠵᠢᠭᠠᠵᠤ᠂ ᠢᠲᠡᠭᠡᠯ ᠪᠠ ᠡᠷᠴᠢ ᠵᠣᠷᠢᠭ ᠢ ᠬᠥᠪᠴᠢᠯᠡᠪᠡ᠃ | ᠲᠦᠷᠦᠭᠦᠬᠡᠨ ᠬᠤᠷᠠᠯᠳᠤᠭᠰᠠᠨ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠯᠤᠰ ᠲᠦᠷᠦ᠂ ᠪᠠᠶᠢᠯᠳᠤᠬᠤ | ᠪᠣᠳᠣᠯᠭ᠎ᠠ ᠪᠠ ᠪᠦᠬᠦ ᠲᠠᠯ᠎ᠠ ᠶᠢᠨ ᠥᠨᠳᠥᠷᠴᠡ ᠠᠴᠠ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠡᠷᠦᠩᠬᠡᠢ ᠰᠡᠳᠬᠢᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠠᠷᠪᠠᠨ ᠬᠤᠶᠠᠷ ᠵᠦᠢᠯ ᠤᠨ | ᠭᠤᠣᠯᠳᠠᠯᠭ᠎ᠠ ᠲᠠᠢ ᠠᠵᠢᠯ ᠢ ᠲᠣᠳᠣᠷᠬᠠᠢ ᠳᠤᠷᠠᠳᠴᠤ᠂ ᠲᠡᠷᠢᠭᠦᠨ ᠤ ᠬᠢ ᠶᠢ ᠡᠭᠦᠳᠬᠦ᠂ ᠲᠡᠷᠢᠭᠦᠨ ᠤ ᠬᠢ ᠶᠢ ᠲᠡᠮᠡᠴᠡᠨ | ᠣᠯᠬᠤ᠂ ᠵᠢᠱᠢᠶ᠎ᠡ ᠦᠵᠡᠭᠦᠯᠬᠦ ᠳᠠᠶᠢᠴᠢᠯᠠᠯᠲᠠ ᠶᠢᠨ ᠵᠠᠷᠯᠢᠭ ᠪᠠᠭᠤᠯᠭᠠᠵᠤ᠂ ᠡᠷᠬᠡ ᠴᠢᠯᠦᠭᠡ ᠪᠠᠨ ᠣᠯᠬᠤ | ᠳᠠᠶᠢᠯᠠᠯᠳᠤᠭᠠᠨ ᠢ ᠰᠠᠶᠢᠲᠤᠷ ᠬᠢᠬᠦ᠂ ᠬᠠᠮ ᠠᠷᠭ᠎ᠠ ᠬᠡᠮᠵᠢᠶ᠎ᠡ ᠭᠠᠷᠭᠠᠬᠤ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠬᠤ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠠᠵᠤ ᠠᠬᠤᠢ ᠶᠢᠨ ᠲᠥᠯᠥᠭᠡ ᠲᠡᠮᠡᠴᠡᠬᠦ᠂ | ᠬᠥᠭᠵᠢᠯᠲᠡ ᠶᠢ ᠠᠳᠬᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠩᠭ᠎ᠠ ᠳᠣᠬᠢᠶ᠎ᠠ ᠦᠭᠪᠡ᠃ ᠪᠢᠳᠠ | ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠵᠤ᠂ | ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ︽ᠲᠣᠭᠲᠠᠭᠤᠨ︾ ᠪᠠ ︽ᠤᠷᠤᠭᠰᠢᠯᠠᠬᠤ︾᠂ | ︽ᠪᠠᠶᠢᠭᠤᠯᠬᠤ︾ ᠪᠠ ︽ᠡᠪᠳᠡᠬᠦ︾ ᠶᠢᠨ ᠬᠤᠪᠢᠰᠤᠩᠭᠤᠢ ᠬᠠᠷᠢᠴᠠᠭ᠎ᠠ ᠶᠢ ᠣᠨᠣᠪᠴᠢᠲᠠᠢ ᠡᠵᠡᠮᠳᠡᠵᠦ᠂ ᠢᠲᠡᠭᠡᠯ | ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ ᠵᠣᠷᠢᠭ ᠢᠶᠠᠨ ᠪᠠᠷᠢᠮᠲᠠᠯᠠᠵᠤ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ | ᠡᠯ᠎ᠡ ᠵᠦᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢᠶᠠᠨ ᠰᠠᠶᠢᠲᠤᠷ | ᠪᠡᠶᠡᠯᠡᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ | ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠤ | ᠳᠤᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ | ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠵᠦ᠂ ᠥᠪᠡᠷᠲᠡᠭᠡᠨ | ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ | ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ | ᠴᠢᠨᠠᠷ ᠰᠠᠶᠢᠳᠠᠢ ᠵᠠᠰᠠᠯᠲᠠ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠦᠨ᠎ᠡ᠃ | ᠪᠦᠬᠦ ᠬᠤᠲᠠ ᠶᠢᠨ ᠠᠵᠤ ᠠᠬᠤᠢ ᠨᠡᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ | ᠲᠡᠭᠡᠭᠰᠢᠭᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 7% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠂ ᠡᠩ ᠤᠨ ᠤᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 3% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ 4100 ᠠᠴᠠ ᠳᠡᠭᠡᠭᠰᠢ | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠶᠢᠨ ᠳᠣᠲᠣᠷ᠎ᠠ ᠬᠢᠵᠠᠭᠠᠷᠯᠠᠵᠤ᠂ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠷᠠᠯᠲᠠ ᠶᠢᠨ | ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠡᠷᠬᠡᠪᠰᠢ ᠬᠤᠲᠠ ᠶᠢᠨ ᠨᠠᠮ ᠤᠨ ᠬᠤᠷᠢᠶᠠᠨ ᠤ | ︽ᠨᠢᠭᠡ ᠭᠤᠣᠯ ᠰᠢᠵᠢᠮ ᠢ ᠲᠤᠤᠱᠯᠠᠭᠤᠯᠵᠤ᠂ ᠨᠢᠭᠡ ᠵᠢᠷᠤᠮᠯᠠᠯ ᠢ ᠪᠠᠷᠢᠮᠲᠠᠯᠠᠵᠦ᠂ ᠨᠢᠭᠡ ᠰᠢᠨ᠎ᠡ ᠵᠠᠮ ᠢᠶᠠᠷ ᠰᠠᠶᠢᠲᠤᠷ | ᠵᠠᠮᠨᠠᠵᠤ᠂ ᠬᠤᠶᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ | ᠪᠡᠶᠡᠯᠡᠭᠦᠯᠬᠦ︾ ᠶᠡᠷᠦᠩᠬᠡᠢ ᠬᠥᠭᠵᠢᠯᠲᠡ ᠶᠢᠨ ᠰᠡᠳᠬᠢᠮᠵᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠪᠠᠨ ᠬᠤᠶᠠᠷ | ᠵᠦᠢᠯ ᠤᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠶᠢ ᠲᠦᠯᠬᠢᠨ | ᠠᠬᠢᠭᠤᠯᠵᠤ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠨ᠎ᠠ᠃ | ︵ᠨᠢᠭᠡ︶ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠪᠠᠶᠢᠳᠠᠯ ᠢ | ᠪᠠᠬᠢᠵᠢᠭᠦᠯᠬᠦ ᠲᠠᠯ᠎ᠠ ᠪᠠᠷ ᠨᠡᠩ ᠶᠡᠭᠡ ᠰᠢᠨ᠎ᠡ ᠦᠷ᠎ᠡ ᠪᠦᠲᠦᠮᠵᠢ ᠣᠯᠣᠨ᠎ᠠ᠃ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢ ᠪᠠᠲᠤᠯᠠᠵᠤ᠂ ᠠᠯᠢᠪᠠ ᠬᠦᠴᠦᠨ ᠢ ᠲᠠᠶᠢᠴᠢᠯᠠᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ | ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠠᠬᠢᠭᠤᠯᠵᠤ᠂ ︽ᠲᠣᠭᠲᠠᠭᠤᠨ︾ ᠤ ᠰᠠᠭᠤᠷᠢ | ᠪᠠᠨ ᠨᠡᠩ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠬᠦᠴᠦᠨ ᠢᠶᠠᠨ ᠨᠡᠩ ᠭᠦᠢᠴᠡᠳ ᠪᠤᠯᠭᠠᠨ᠎ᠠ᠃ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠵᠢᠱᠢᠯᠲᠡ ᠪᠠᠨ ᠲᠤᠭᠳᠠᠪᠤᠷᠢᠵᠢᠭᠤᠯᠤᠨ᠎ᠠ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ ᠨᠡᠶᠢᠭᠡᠮ ᠤᠨ ᠵᠢᠱᠢᠯᠲᠡ ᠶᠢ | ᠲᠣᠭᠲᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠳᠡᠭᠡᠭᠰᠢ ᠵᠣᠯᠭᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠵᠡᠷᠭᠡ ᠡᠯ᠎ᠡ ᠲᠥᠷᠥᠯ ᠤᠨ | ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠮᠢᠳᠤᠯᠢᠭ ᠬᠡᠷᠡᠭᠯᠡᠵᠤ᠂ ᠠᠵᠤ ᠠᠬᠤᠢ ᠶᠢᠨ ᠨᠡᠮᠡᠭᠳᠡᠯ ᠢ ᠳᠡᠮᠵᠢᠬᠦ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ | ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ︽ᠠᠵᠤ | ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ︾ ᠶᠢᠨ | ᠦᠢᠯᠡᠳᠦᠯ ᠢᠶᠠᠨ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠥᠪᠡᠷ ᠤᠨ ᠥᠷᠲᠡᠭ ᠢ ᠨᠢ ᠪᠠᠭᠤᠷᠠᠭᠤᠯᠤᠨ᠂ ᠵᠠᠬᠢᠶᠠᠯᠠᠭ᠎ᠠ ᠶᠢᠨ ᠬᠠᠭᠤᠳᠠᠰᠤ ᠶᠢ | ᠨᠢ ᠲᠣᠭᠲᠠᠪᠤᠷᠢᠵᠢᠭᠤᠯᠵᠤ᠂ ᠦᠷ᠎ᠡ ᠠᠰᠢᠭ ᠢ ᠨᠢ ᠨᠡᠮᠡᠭᠳᠡᠭᠦᠯᠦᠨ᠎ᠡ᠃ ︽ᠲᠦᠷᠪᠡᠨ ᠵᠦᠢᠯ︾ ᠤᠨ ᠠᠵᠤ ᠠᠬᠤᠶᠢᠯᠠᠯ ᠢ | ᠶᠡᠬᠡᠪᠡᠷ ᠪᠣᠶᠢᠵᠢᠭᠤᠯᠵᠤ᠂ ᠨᠢᠭᠡ ᠪᠦᠯᠦᠭ ᠢ ᠨᠢ ᠪᠣᠶᠢᠵᠢᠭᠤᠯᠤᠨ ᠲᠡᠳᠬᠦᠬᠦ᠂ ᠨᠢᠭᠡ ᠪᠦᠯᠦᠭ ᠢ ᠨᠢ ᠥᠭᠡᠷᠡᠴᠢᠯᠡᠨ | ᠳᠡᠭᠡᠭᠰᠢᠯᠡᠭᠦᠯᠬᠦ᠂ ᠨᠢᠭᠡ ᠪᠦᠯᠦᠭ ᠢ ᠨᠢ ᠬᠥᠲᠥᠯᠥᠨ ᠵᠢᠯᠤᠭᠤᠳᠴᠤ ᠠᠬᠢᠭᠤᠯᠬᠤ᠂ ᠨᠢᠭᠡ ᠪᠦᠯᠦᠭ ᠢ ᠨᠢ ᠬᠥᠮᠥᠷᠭᠡ ᠳᠤ | ᠣᠷᠣᠭᠤᠯᠵᠤ ᠨᠢᠭᠡᠳᠦᠯᠲᠡᠢ ᠲᠦᠯᠦᠪᠵᠢᠬᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠠᠰ ᠳᠠᠷᠠᠭᠠᠯᠠᠯ ᠲᠠᠢ ᠪᠠᠷ | ᠦᠰᠦᠨ ᠪᠣᠶᠢᠵᠢᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠬᠦ | ᠬᠡᠪᠴᠢᠶᠡᠵᠢᠭᠰᠡᠨ ᠠᠵᠤ ᠠᠬᠤᠶᠢᠯᠠᠯ ᠢ 70 ᠡᠷᠦᠬᠡ ᠠᠴᠠ ᠳᠡᠭᠡᠭᠰᠢ ᠪᠣᠯᠭᠠᠬᠤ ᠪᠠᠷ ᠴᠢᠷᠮᠠᠶᠢᠨ᠎ᠠ᠃ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠳᠠᠢ | ᠪᠡᠶᠡᠯᠡᠬᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠡᠬᠢᠯᠡᠭᠦᠯᠦᠨ᠎ᠡ᠃ ᠬᠤᠳᠠᠯᠳᠣᠭᠠᠴᠢᠨ ᠤᠷᠢᠬᠤ ᠶᠢ ᠪᠥᠬᠦ ᠬᠦᠴᠦᠨ ᠢᠶᠠᠷ ᠢᠶᠠᠨ ᠠᠳᠬᠤᠨ᠎ᠠ᠃ | ᠳᠠᠭᠠᠭᠤᠯᠤᠭᠴᠢ ᠶᠢ ᠬᠦᠴᠦᠷᠬᠡᠭᠵᠢᠭᠦᠯᠬᠦ᠂ ᠬᠡᠯᠬᠢᠶ᠎ᠡ ᠪᠠᠨ ᠨᠥᠬᠦᠪᠦᠷᠢᠯᠡᠬᠦ᠂ ᠪᠥᠭᠡᠮᠨᠡᠷᠡᠯ ᠢ ᠲᠥᠪᠯᠡᠷᠡᠭᠦᠯᠬᠦ ᠶᠢ | ᠪᠠᠷᠢᠮᠲᠠᠯᠠᠵᠤ᠂ 2 ᠠᠵᠤ ᠦᠢᠯᠡᠰ ᠤᠨ ᠪᠥᠭᠡᠮᠨᠡᠷᠡᠯ᠂ 5 ᠪᠦᠬᠦ ᠠᠵᠤ ᠦᠢᠯᠡᠰ ᠤᠨ ᠬᠡᠯᠬᠢᠶ᠎ᠡ ᠶᠢᠨ ᠪᠥᠭᠡᠮᠨᠡᠷᠡᠯ ᠢ ᠪᠤᠢ | ᠪᠣᠯᠭᠠᠬᠤ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠢᠯ ᠲᠦᠷᠦᠯ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ | ᠠᠩᠬᠠᠷᠴᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠨᠢᠭᠡ ᠪᠦᠯᠦᠭ | ᠠᠵᠢᠯ ᠲᠦᠷᠦᠯ ᠤᠨ ᠲᠣᠯᠣᠭᠠᠶᠢᠯᠠᠭᠴᠢ ᠪᠠ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ | ᠲᠦᠷᠭᠡᠪᠴᠢᠯᠡᠨ ᠣᠷᠣᠭᠤᠯᠤᠨ ᠠᠪᠴᠢᠷᠠᠵᠤ᠂ ᠰᠢᠨ᠎ᠡ ᠨᠢᠭᠡᠨ ᠡᠭᠡᠯᠵᠢ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠤᠯᠤᠰ ᠤᠨ ᠳᠣᠲᠣᠭᠠᠳᠤ ᠶᠢᠨ | ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 255 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ | ᠠᠪᠴᠢᠷᠠᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠬᠤᠳᠠᠯᠳᠤᠭᠠᠴᠢᠨ ᠢ ᠠᠮᠤᠷᠵᠢᠭᠤᠯᠬᠤ ︽ᠬᠠᠮᠲᠤ ᠶᠢᠨ | ᠳᠠᠭᠤᠤ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠳᠠᠭᠤᠯᠠᠵᠤ᠂ ᠭᠡᠷ᠎ᠡ ᠲᠣᠭᠲᠠᠭᠰᠠᠨ ᠲᠥᠷᠥᠯ ᠵᠦᠢᠯ ᠢ ᠲᠤᠰᠬᠠᠢ | ᠪᠠᠭ ᠢᠶᠠᠷ ᠲᠦᠯᠬᠢᠨ ᠠᠬᠢᠭᠤᠯᠵᠤ᠂ ᠡᠮᠦᠨ᠎ᠡ ᠨᠢ ᠦᠢᠯᠡᠴᠢᠯᠡᠨ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ᠂ | ᠡᠮᠦᠨᠡᠬᠢ ᠬᠤᠭᠤᠴᠠᠭ᠎ᠠ᠂ ᠲᠦᠯᠬᠢᠨ ᠠᠬᠢᠭᠤᠯᠬᠤ ᠶᠢ ᠬᠦᠴᠦᠨ ᠢᠶᠠᠨ ᠲᠥᠪᠯᠡᠷᠡᠭᠦᠯᠦᠨ ᠠᠳᠬᠤᠵᠤ᠂ ᠣᠷᠣᠭᠤᠯᠵᠤ | ᠠᠪᠴᠢᠷᠠᠬᠤ᠂ ᠨᠠᠶᠢᠳᠠᠪᠤᠷᠢᠵᠢᠭᠤᠯᠵᠤ ᠳᠡᠶᠢᠯᠬᠦ᠂ ᠰᠠᠶᠢᠲᠤᠷ ᠪᠠᠶᠢᠭᠤᠯᠬᠤ ᠶᠢ ᠦᠨᠡᠨ ᠬᠦ ᠪᠠᠲᠤᠯᠠᠵᠤ᠂ ᠬᠤᠳᠠᠯᠳᠤᠭᠠᠴᠢᠨ | ᠤᠷᠢᠭᠰᠠᠨ ᠦᠷ᠎ᠡ ᠪᠦᠲᠦᠭᠡᠯ ᠢᠶᠠᠨ ᠦᠨᠡᠨ ᠬᠦ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | ᠪᠥᠬᠦ ᠬᠦᠴᠦᠨ ᠢᠶᠠᠷ ᠢᠶᠠᠨ ᠪᠡᠯᠡ ᠣᠷᠣᠭᠤᠯᠤᠯᠲᠠ ᠶᠢ ᠥᠷᠭᠡᠳᠬᠡᠨ᠎ᠡ᠃ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ | ᠮᠣᠷᠢ ᠣᠷᠣᠯᠳᠣᠬᠤ ᠮᠡᠲᠤ ᠪᠠᠷ ᠬᠦᠴᠦᠯᠡᠬᠦ︾ ᠲᠣᠭᠲᠠᠴᠠ ᠶᠢ ᠪᠠᠷᠢᠮᠲᠠᠯᠠᠨ᠂ 264 ᠭᠤᠣᠯᠳᠠᠯᠭ᠎ᠠ ᠲᠠᠢ ᠲᠥᠷᠥᠯ | ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ | ᠵᠠᠮ ᠤᠨ ᠦᠬᠠᠢ ᠶᠢᠨ ᠬᠡᠰᠡᠭ ᠵᠡᠷᠭᠡ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ | 14 ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ | ᠨᠢᠭᠡᠳᠦᠭᠡᠷ ᠤᠯᠠᠷᠢᠯ ᠳᠤ ᠠᠵᠢᠯ ᠡᠬᠢᠯᠡᠭᠦᠯᠦᠭᠰᠡᠨ ᠨᠣᠷᠮ᠎ᠠ ᠶᠢ 70% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ | ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ ᠡᠬᠢᠯᠡᠭᠦᠯᠵᠦ᠂ ᠪᠥᠬᠦ ᠵᠢᠯ ᠳᠤ 290 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠴᠢᠭᠯᠡᠭᠦᠯᠦᠨ᠂ | ᠭᠤᠣᠯᠳᠠᠯᠭ᠎ᠠ ᠲᠠᠢ ᠲᠦᠷᠦᠯ ᠵᠦᠢᠯ ᠢ ᠤᠬᠠᠭᠠᠯᠠᠨ ᠲᠥᠰᠥᠪᠯᠡᠬᠦ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ | ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠣᠨ᠎ᠠ᠃ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠦᠨ᠎ᠡ᠃ ᠪᠦᠬᠦ ᠬᠦᠴᠦᠨ ᠢᠶᠠᠷ ᠢᠶᠠᠨ ᠲᠣᠭᠲᠠᠴᠠ ᠪᠠᠨ ᠡᠮᠬᠢᠯᠡᠬᠦ᠂ | ᠬᠠᠮᠢᠶᠠᠷᠤᠯᠲᠠ ᠶᠢ ᠠᠳᠬᠤᠬᠤ᠂ ᠢᠵᠢ ᠪᠦᠷᠢᠳᠦᠭᠦᠯᠬᠦ ᠪᠠᠨ ᠴᠢᠩᠭᠠᠳᠬᠠᠬᠤ᠂ ᠬᠡᠯᠬᠢᠶ᠎ᠡ ᠪᠠᠨ ᠪᠣᠶᠢᠵᠢᠭᠤᠯᠬᠤ ᠶᠢ | ᠪᠡᠶᠡᠯᠡᠬᠦᠯᠵᠦ᠂ ᠬᠦᠷᠢᠶᠡᠯᠡᠩ ᠲᠣᠭᠤᠷᠢᠭ ᠤᠨ ︽ᠰᠢᠨ᠎ᠡ ᠬᠤᠪᠢᠷᠠᠯᠳᠠ ᠪᠠᠷ ᠶᠠᠰᠤ ᠴᠢᠨᠠᠷ ᠢᠶᠠᠨ ᠳᠡᠭᠡᠭᠰᠢᠯᠡᠭᠦᠯᠬᠦ︾ | ᠢᠨᠵᠧᠨᠧᠷᠢᠩ ᠢ ᠭᠦᠨᠵᠡᠭᠡᠶᠢᠷᠡᠭᠦᠯᠦᠨ ᠠᠬᠢᠭᠤᠯᠵᠤ᠂ ᠠᠮᠢᠳᠤᠷᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ | ᠲᠣᠭᠤᠷᠢᠭ ᠵᠡᠷᠭᠡ 41 ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠰᠠᠶᠢᠲᠤᠷ ᠠᠳᠬᠤᠵᠤ᠂ ᠳᠣᠣᠷ᠎ᠠ | ᠠᠰᠢᠭᠯᠠᠮᠵᠢᠲᠤ ᠲᠠᠷᠢᠶᠠᠨ ᠭᠠᠵᠠᠷ ᠤᠨ ᠲᠥᠷᠥᠯ ᠵᠦᠢᠯ ᠢ ᠴᠡᠭᠴᠡᠯᠡᠨ ᠵᠠᠰᠠᠵᠤ᠂ ᠳᠣᠣᠷ᠎ᠠ ᠠᠰᠢᠭᠯᠠᠮᠵᠢᠲᠤ ᠲᠠᠷᠢᠶᠠᠨ | ᠭᠠᠵᠠᠷ ᠢ 4000 ᠮᠦ ᠠᠴᠠ ᠳᠡᠭᠡᠭᠰᠢ ᠴᠢᠯᠦᠭᠡᠲᠡᠢ ᠪᠣᠯᠭᠠᠵᠤ᠂ ᠰᠢᠨ᠎ᠡ ᠪᠠᠷ ᠨᠡᠮᠡᠭᠳᠡᠬᠦ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠰᠢᠷᠣᠢ ᠶᠢ ᠪᠦᠬᠦᠨ ᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠬᠤᠳᠠᠯᠳᠤᠬᠤ ᠶᠢ | ᠪᠡᠶᠡᠯᠡᠭᠦᠯᠬᠦ ᠪᠠᠷ ᠴᠢᠷᠮᠠᠶᠢᠵᠤ᠂ ᠭᠠᠵᠠᠷ ᠣᠷᠣᠨ ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ᠂ ᠡᠩ ᠤᠨ | ᠪᠤᠰᠤ ᠤᠰᠤ ᠶᠢ ᠤᠷᠢᠳᠠᠪᠠᠷ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ ᠵᠦᠢᠯ ᠤᠨ ᠤᠰᠤ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠡᠨᠧᠷᠭᠢ ᠶᠢᠨ ᠬᠤᠷᠣᠭᠳᠠᠯ᠂ ᠴᠠᠬᠢᠯᠭᠠᠨ ᠬᠦᠴᠦᠨ᠂ ᠣᠷᠴᠢᠨ | ᠲᠣᠭᠤᠷᠢᠨ ᠤ ᠪᠠᠭᠲᠠᠭᠠᠮᠵᠢ ᠵᠡᠷᠭᠡ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠷᠠᠭᠤᠯᠤᠨ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠬᠦᠨ ᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ D ᠲᠠᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠡᠷᠬᠢᠨ | ᠲᠣᠭᠤᠷᠢᠨ ᠤ ᠭᠠᠵᠠᠷ ᠣᠷᠣᠨ ᠯᠤᠭ᠎ᠠ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠰᠢᠯᠤᠭᠤᠳᠬᠠᠨ᠂ ᠦᠵᠦᠬᠦᠷ | ᠪᠠᠯᠭᠠᠰᠣ᠂ ᠣᠰᠣᠳᠠᠢ ᠵᠡᠷᠭᠡ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ | ᠯᠤᠭ᠎ᠠ ᠬᠠᠮᠵᠢᠯᠴᠠᠬᠤ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠡᠷᠡᠭᠯᠡᠭᠡ ᠶᠢ ᠠᠬᠢᠭᠤᠯᠤᠨ᠎ᠠ᠃ ︽ᠳᠥᠷᠪᠡᠨ ᠠᠵᠤ | ᠠᠬᠤᠢ︾ ᠶᠢ ᠢᠳᠡᠪᠬᠢᠲᠡᠢ ᠪᠠᠷ ᠪᠣᠶᠢᠵᠢᠭᠤᠯᠤᠨ᠂ ᠬᠤᠳᠠᠯᠳᠤᠭᠠᠨ ᠤ ᠲᠣᠣᠷ ᠴᠢᠭ ᠢ 200 ᠠᠴᠠ ᠳᠡᠭᠡᠭᠰᠢ ᠰᠢᠨ᠎ᠡ ᠪᠠᠷ | ᠪᠠᠶᠢᠭᠤᠯᠵᠤ᠂ ᠠᠩᠬᠠᠨ ᠤ ᠳᠡᠯᠭᠡᠭᠦᠷ ᠤᠨ ᠨᠠᠷᠠᠲᠤ ᠲᠥᠷᠥᠯ ᠲᠡᠮᠳᠡᠭᠲᠦ ᠶᠢ 50 ᠠᠴᠠ ᠳᠡᠭᠡᠭᠰᠢ ᠣᠷᠣᠭᠤᠯᠤᠨ | ᠠᠪᠴᠢᠷᠠᠵᠤ᠂ ᠣᠷᠣᠨ ᠪᠦᠰᠡ ᠶᠢᠨ ᠴᠢᠨᠠᠷᠲᠠᠢ 4 ᠰᠥᠨᠢ ᠶᠢᠨ ᠵᠠᠬ᠎ᠠ ᠳᠡᠯᠭᠡᠭᠦᠷ ᠢ ᠥᠭᠡᠷᠡᠴᠢᠯᠡᠨ ᠳᠡᠭᠡᠭᠰᠢᠯᠡᠭᠦᠯᠵᠦ᠂ | ᠬᠡᠷᠡᠭᠯᠡᠭᠡᠨ ᠤ ᠲᠠᠰ ᠳᠡᠪᠰᠢᠬᠦ ᠶᠢ ᠳᠠᠶᠢᠴᠢᠯᠠᠬᠤ ᠨᠢᠭᠡ ᠪᠦᠯᠦᠭ ᠣᠨᠴᠠᠯᠢᠭᠲᠤ ᠵᠡᠭᠡᠯᠢ ᠲᠣᠭᠤᠷᠢᠭ ᠢ ᠬᠦᠴᠦᠯᠡᠨ ᠪᠣᠶ | ᠪᠣᠯᠭᠠᠨ᠎ᠠ᠃ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ | ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ | ᠬᠥᠭᠵᠢᠭᠡᠵᠦ᠂ ᠲᠤᠬᠠᠢ ᠶᠢᠨ ᠴᠠᠭ ᠤᠨ ᠵᠢᠵᠢᠭᠯᠡᠨ ᠬᠤᠳᠠᠯᠳᠤᠬᠤ᠂ ᠨᠡᠶᠢᠭᠡᠮ ᠲᠣᠭᠤᠷᠢᠭ ᠤᠨ ᠡᠯᠧᠺᠲᠷᠣᠨ | ᠬᠤᠳᠠᠯᠳᠤᠭ᠎ᠠ᠂ ᠣᠶᠤᠨᠲᠤ ᠭᠡᠷ ᠤᠨ ᠬᠡᠷᠡᠭᠰᠡᠯ᠂ ᠤᠯᠤᠰ ᠤᠨ ᠪᠠᠷᠠᠭ᠎ᠠ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ | ᠴᠢᠭ ᠢ ᠥᠷᠭᠡᠳᠬᠡᠵᠦ᠂ ᠭᠠᠷᠠᠭ ᠤᠨ ᠰᠡᠭᠦᠯᠴᠢ ᠶᠢᠨ ᠠᠵᠤ ᠠᠬᠤᠢ᠂ ᠡᠴᠢᠭᠡ ᠡᠬᠡ ᠦᠷ᠎ᠡ ᠬᠡᠦᠬᠡᠳ ᠤᠨ ᠠᠵᠤ ᠠᠬᠤᠢ | ᠵᠡᠷᠭᠡ ᠨᠡᠩ ᠤᠯᠠᠨ ᠬᠡᠷᠡᠭᠯᠡᠭᠡᠨ ᠤ ᠰᠢᠨ᠎ᠡ ᠪᠠᠶᠢᠳᠠᠯ ᠢ ᠪᠤᠢ ᠪᠣᠯᠭᠠᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠬᠥᠲᠥᠯᠥᠨ ᠳᠠᠭᠠᠭᠤᠯᠬᠤ ᠲᠠᠯ᠎ᠠ ᠪᠠᠷ ᠨᠠᠩ ᠶᠡᠭᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠤᠯᠤᠰ ᠤᠨ ᠴᠢᠬᠤᠯᠠ | ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠭᠤᠰᠤᠯᠴᠠᠭᠤᠯᠵᠤ᠂ ︽ᠨᠡᠬᠦᠷᠡᠰᠦ ᠬᠡᠤᠷᠡᠰᠦ ᠶᠢᠨ ᠰᠠᠭᠤᠷᠢ ᠪᠠᠨ | ᠪᠠᠬᠢᠵᠢᠭᠦᠯᠬᠦ᠂ ᠬᠢᠮᠢ ᠶᠢᠨ ᠠᠵᠤ ᠦᠢᠯᠡᠳᠪᠦᠷᠢ ᠶᠢᠨ ᠶᠠᠰᠣ ᠴᠢᠨᠠᠷ ᠢ ᠨᠢ ᠳᠡᠭᠡᠭᠰᠢᠯᠡᠭᠦᠯᠬᠦ᠂ ᠪᠠᠶᠢᠯᠳᠣᠬᠤ ᠪᠤᠲᠤᠯᠭ᠎ᠠ | ᠶᠢᠨ ᠴᠢᠨᠠᠷᠳᠠᠢ ᠰᠢᠨ᠎ᠡ ᠶᠢ ᠡᠭᠦᠳᠬᠦ᠂ ᠲᠣᠨᠤᠭ ᠲᠥᠬᠦᠭᠡᠷᠦᠮᠵᠢ ᠦᠢᠯᠡᠳᠬᠦ ᠬᠡᠪᠴᠢᠶ᠎ᠡ ᠪᠠᠨ ᠥᠷᠭᠡᠳᠬᠡᠬᠦ᠂ | ᠣᠯᠠᠮᠵᠢᠯᠠᠯᠲᠤ ᠣᠷᠠᠨ ᠲᠠᠷᠬᠠᠯᠠᠯ ᠢᠶᠠᠨ ᠰᠢᠯᠢᠳᠡᠭᠵᠢᠭᠦᠯᠬᠦ︾ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ | ᠶᠣᠰᠣᠭᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠪᠠ ᠣᠨᠴᠠᠯᠢᠭᠲᠤ ᠲᠠᠷᠢᠶᠠᠯᠠᠩ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ | ᠪᠠᠭᠲᠠᠭᠠᠮᠵᠢ ᠪᠠᠨ ᠥᠷᠭᠡᠳᠬᠡᠬᠦ ᠶᠢ ᠲᠦᠯᠬᠢᠨ ᠠᠬᠢᠭᠤᠯᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠶᠢᠯ ᠢᠶᠠᠷ | ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠳᠠ︾ ᠶᠢᠨ ᠢᠨᠵᠧᠨᠧᠷᠢᠩ ᠢᠶᠠᠷ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠵᠡᠷᠭᠡ 2.0 ᠬᠡᠪ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠴᠢᠩᠭ᠎ᠠ ᠨᠡᠮᠡᠭᠳᠡᠯ ᠢᠶᠠᠷ ᠨᠡᠶᠢᠭᠡᠮ ᠤᠨ ᠣᠯᠠᠨ | ᠠᠷᠭ᠎ᠠ ᠵᠠᠮ ᠢᠶᠠᠷ ᠣᠷᠣᠭᠤᠯᠤᠯᠲᠠ ᠬᠢᠬᠦ ᠶᠢ ᠵᠣᠷᠢᠭᠵᠢᠭᠤᠯᠤᠨ ᠳᠠᠶᠢᠴᠢᠯᠠᠵᠤ᠂ ᠵᠠᠰᠠᠭ ᠤᠨ ᠣᠷᠳᠣᠨ ᠠᠴᠠ ᠬᠥᠲᠥᠯᠥᠨ | ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ | ᠣᠯᠠᠨ ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠪᠥᠬᠦ ᠨᠡᠶᠢᠭᠡᠮ ᠤᠨ ᠰᠤᠳᠤᠯᠭᠠᠨ | ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ | ᠡᠮᠦᠨ᠎ᠡ ᠡᠩᠨᠡᠭᠡᠨ ᠳᠤ ᠪᠠᠶᠢᠯᠭᠠᠬᠤ ᠶᠢ ᠪᠠᠲᠤᠯᠠᠬᠤ ᠪᠠᠷ ᠴᠢᠷᠮᠠᠶᠢᠨ᠎ᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ | ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ︽ᠭᠤᠷᠪᠠ ᠶᠢ ᠪᠦᠷᠢᠨ ᠪᠦᠷᠬᠦᠭᠦᠯᠬᠦ︾ ᠶᠢ ᠬᠦᠴᠦᠯᠡᠨ ᠠᠬᠢᠭᠤᠯᠵᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ 25 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ | ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠠᠯᠢ ᠲᠦᠷᠭᠡᠨ ᠢᠶᠠᠷ ᠪᠣᠳᠠᠲᠤ ᠴᠣᠭᠴᠠᠵᠢᠭᠤᠯᠤᠨ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ | ᠠᠬᠢᠭᠤᠯᠤᠨ᠂ BDO ᠠᠵᠤ ᠦᠢᠯᠡᠰ ᠤᠨ ᠣᠶᠤᠨᠴᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ BDO ᠠᠵᠢᠯ ᠲᠥᠷᠥᠯ ᠤᠨ ᠪᠠᠷᠢᠮᠵᠢᠶ᠎ᠠ ᠳᠤ ᠵᠠᠰᠠᠪᠤᠷᠢ | ᠣᠷᠣᠭᠤᠯᠬᠤ ᠶᠢ ᠢᠳᠡᠪᠬᠢᠲᠡᠢ ᠵᠣᠬᠢᠴᠠᠭᠤᠯᠤᠨ ᠠᠬᠢᠭᠤᠯᠵᠤ᠂ BDO ᠦᠢᠯᠡᠳᠬᠦᠨ ᠤ ᠠᠷᠠᠯᠵᠢᠶᠠᠨ ᠤ ᠲᠠᠪᠴᠠᠩ ᠪᠠ | ᠪᠠᠷᠢᠮᠵᠢᠶ᠎ᠠ ᠶᠢᠨ ᠰᠤᠳᠤᠯᠭᠠᠨ ᠤ ᠲᠥᠪ᠂ ᠶᠠᠰᠤ ᠴᠢᠨᠠᠷ ᠤᠨ ᠪᠠᠶᠢᠴᠠᠭᠠᠨ ᠰᠢᠯᠭᠠᠬᠤ ᠲᠥᠪ ᠢ ᠬᠦᠴᠦᠯᠡᠨ ᠪᠠᠶᠢᠭᠤᠯᠤᠨ᠎ᠠ᠃ | BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠲᠥᠯᠥᠨ ᠳᠠᠭᠠᠭᠤᠯᠵᠤ ᠵᠢᠱᠢᠶ᠎ᠡ | ᠦᠵᠡᠭᠦᠯᠬᠦ ᠦᠢᠯᠡᠳᠦᠯ ᠢ ᠨᠢ ᠪᠠᠳᠠᠷᠠᠭᠤᠯᠵᠤ᠂ ᠬᠤᠯᠪᠤᠭᠠᠯᠠᠨ ᠪᠠᠶᠢᠭᠤᠯᠵᠤ ᠬᠠᠮᠲᠤᠪᠠᠷ ᠪᠠᠶᠢᠭᠤᠯᠬᠤ᠂ ᠭᠠᠳᠠᠭᠰᠢ | ᠭᠠᠷᠭᠠᠵᠤ ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠭ ᠢᠶᠠᠷ ᠨᠡᠶᠢᠳᠡᠮ ᠢ ᠳᠠᠶᠢᠴᠢᠯᠠᠨ ︽ᠮᠦᠩᠭᠡ | ᠴᠢᠳᠠᠮᠵᠢ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ ᠲᠥᠪ ᠵᠡᠷᠭᠡ ᠰᠢᠨᠵᠢᠯᠡᠬᠦ | ᠤᠬᠠᠭᠠᠨ ᠤ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠳᠠᠶᠢᠴᠢᠯᠠᠨ᠎ᠠ᠃ | ︽ᠭᠤᠷᠪᠠ ᠶᠢ ᠨᠡᠶᠢᠳᠭᠡᠬᠦ︾ ᠪᠠᠷ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ | ᠠᠬᠢᠭᠤᠯᠤᠨ᠎ᠠ᠃ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠶᠢ | ᠳᠠᠬᠢᠨ ᠪᠠᠶᠢᠭᠤᠯᠬᠤ᠂ ᠠᠵᠤ ᠦᠢᠯᠡᠰ ᠤᠨ ᠬᠡᠯᠬᠢᠶ᠎ᠡ ᠪᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ | ︽ᠭᠤᠷᠪᠠ ᠶᠢ ᠨᠡᠶᠢᠳᠭᠡᠬᠦ︾ ᠶᠢ ᠲᠦᠷᠭᠡᠳᠬᠡᠨ ᠠᠬᠢᠭᠤᠯᠤᠨ᠎ᠠ᠃ 6 ᠵᠠᠳᠠᠭᠠᠢ ᠨᠡᠭᠦᠷᠡᠰᠦᠨ ᠠᠭᠤᠷᠬᠠᠢ ᠶᠢ ᠨᠡᠶᠢᠳᠭᠡᠬᠦ | ᠣᠷᠣᠨ᠂ 1 ᠬᠤᠳᠳᠤᠭ ᠤᠨ ᠦᠢᠯᠡᠳᠪᠦᠷᠢᠯᠡᠯ ᠤᠨ ᠨᠡᠭᠦᠷᠡᠰᠦᠨ ᠠᠭᠤᠷᠬᠠᠢ ᠶᠢ ᠨᠡᠶᠢᠳᠭᠡᠬᠦ ᠣᠷᠣᠨ᠂ 10 | ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢ ᠡᠮᠬᠢᠯᠡᠨ ᠨᠡᠶᠢᠯᠡᠭᠦᠯᠬᠦ ᠣᠷᠣᠨ ᠢ ᠡᠮᠬᠢᠯᠡᠨ ᠨᠡᠶᠢᠯᠡᠭᠦᠯᠬᠦ ᠠᠵᠢᠯ ᠢ | ᠲᠦᠷᠭᠡᠳᠬᠡᠵᠦ᠂ ᠨᠢᠭᠡᠳᠦᠭᠡᠷ ᠤᠯᠠᠷᠢᠯ ᠳᠤ ᠨᠡᠭᠦᠷᠡᠰᠦᠨ ᠠᠭᠤᠷᠬᠠᠢ ᠶᠢᠨ ᠪᠤᠰᠤ ᠠᠭᠤᠯᠠ ᠶᠢ ᠨᠡᠶᠢᠳᠭᠡᠬᠦ ᠶᠢ | ᠪᠡᠶᠡᠯᠡᠭᠦᠯᠬᠦ ᠶᠢ ᠦᠨᠡᠨᠬᠦ ᠪᠠᠲᠤᠯᠠᠵᠤ ᠵᠢᠯ ᠤᠨ ᠰᠡᠭᠦᠯᠴᠢ ᠠᠴᠠ ᠡᠮᠦᠨ᠎ᠡ ᠨᠡᠭᠦᠷᠡᠰᠦᠨ ᠠᠭᠤᠷᠬᠠᠢ ᠶᠢ ᠨᠡᠶᠢᠳᠭᠡᠬᠦ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ᠭᠠᠭᠴᠠ ᠮᠤᠲᠤ ᠠᠭᠤᠯᠠᠨ ᠬᠢᠷ᠎ᠠ ᠣᠷᠣᠨ ᠤ ᠨᠡᠭᠦᠷᠡᠰᠦᠨ ᠤ ᠡᠬᠢ | ᠪᠠᠶᠠᠯᠢᠭ ᠤᠨ ᠬᠠᠶᠢᠨ ᠰᠢᠨᠵᠢᠯᠡᠯᠲᠡ ᠶᠢ ᠰᠠᠶᠢᠲᠤᠷ ᠠᠳᠬᠤᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠪᠠᠲᠤᠯᠠᠭ᠎ᠠ ᠶᠢᠨ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠰᠢᠨ᠎ᠡ ᠪᠠᠷ ᠪᠠᠶᠢᠭᠤᠯᠵᠤ ᠨᠢᠭᠡᠨᠲᠡ ᠠᠰᠢᠭᠯᠠᠯᠲᠠ ᠳᠤ | ᠣᠷᠣᠭᠰᠠᠨ ᠬᠡᠦᠷᠰᠢᠭᠦᠯᠬᠦ ᠲᠥᠷᠥᠯ ᠵᠦᠢᠯ ᠤᠨ ᠭᠦᠢᠴᠡᠳ ᠦᠢᠯᠡᠳᠪᠦᠷᠢᠯᠡᠵᠦ ᠦᠷ᠎ᠡ ᠪᠦᠲᠦᠮᠵᠢ ᠣᠯᠬᠤ ᠶᠢ | ᠠᠬᠢᠭᠤᠯᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠢ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠨᠢ ᠰᠣᠯᠢᠬᠤ ᠪᠠ | ᠭᠠᠷᠳᠠᠮ ᠭᠦᠢᠴᠡᠳᠬᠡᠬᠦ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠵᠤ᠂ ᠳᠠᠷᠤᠶᠢᠬᠠᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ ᠨᠡᠭᠦᠷᠡᠰᠦᠨ ᠤ ᠬᠡᠦᠳᠡᠰᠦ᠂ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ᠂ ᠪᠦᠳᠦᠭᠦᠯᠢᠭ ᠪᠧᠨ᠋ᠽᠧᠨ ᠢ | ᠨᠠᠷᠢᠯᠢᠭ ᠡᠳ᠋ᠰᠢᠭᠦᠯᠬᠦ ᠵᠡᠷᠭᠡ ᠳᠣᠣᠷᠠᠳᠤ ᠤᠷᠤᠰᠬᠠᠯ ᠤᠨ ᠠᠵᠤ ᠦᠢᠯᠡᠰ ᠢ ᠤᠯᠠᠮ ᠨᠢᠭᠡ ᠠᠯᠬᠤᠮ ᠤᠷᠲᠤᠳᠬᠠᠨ | ᠬᠥᠭᠵᠢᠭᠦᠯᠵᠦ᠂ ᠤᠯᠤᠰ ᠤᠨ ᠲᠠᠰ ᠤᠨ ᠪᠣᠬᠢᠷᠲᠤᠯ ᠦᠭᠡᠢ ᠬᠡᠦᠷᠰᠢᠭᠦᠯᠬᠦ ᠠᠵᠤ ᠦᠢᠯᠡᠰ ᠤᠨ ᠰᠠᠭᠤᠷᠢᠨ ᠭᠠᠵᠠᠷ ᠢ | ᠬᠦᠴᠦᠯᠡᠨ ᠪᠠᠶᠢᠭᠤᠯᠤᠨ᠎ᠠ᠃ ᠨᠡᠭᠦᠷᠡᠰᠦ ᠤᠬᠢᠶᠠᠵᠤ ᠰᠢᠯᠢᠬᠦ ᠠᠵᠢᠯ ᠲᠥᠷᠥᠯ ᠢ ᠡᠭᠴᠡ ᠪᠠᠷ ᠨᠢᠭᠡ ᠴᠣᠭᠴᠠᠵᠢᠭᠤᠯᠤᠨ | ᠨᠡᠶᠢᠳᠭᠡᠬᠦ ᠬᠤᠷᠳᠤᠴᠠ ᠪᠠᠨ ᠲᠦᠷᠭᠡᠳᠬᠡᠵᠦ᠂ 9 ᠶᠡᠷᠦᠩᠬᠡᠶᠢᠯᠡᠭᠰᠡᠨ ᠴᠢᠨᠠᠷᠲᠠᠢ ᠨᠡᠭᠦᠷᠡᠰᠦᠨ ᠤ ᠠᠵᠤ ᠦᠢᠯᠡᠰ ᠤᠨ | ᠬᠦᠷᠢᠶᠡᠯᠡᠩ ᠢ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠭᠦᠯᠬᠦ ᠪᠠᠷ ᠴᠢᠷᠮᠠᠶᠢᠵᠤ᠂ ᠨᠡᠭᠦᠷᠡᠰᠦ ᠮᠠᠯᠲᠠᠬᠤ ᠤᠬᠢᠶᠠᠵᠤ | ᠰᠢᠯᠢᠬᠦ᠂ ᠬᠠᠳᠠᠭᠠᠯᠠᠬᠤ ᠲᠣᠬᠢᠷᠠᠭᠤᠯᠬᠤ ᠲᠡᠭᠡᠭᠡᠪᠦᠷᠢᠯᠡᠬᠦ ᠪᠥᠬᠦ ᠶᠠᠪᠤᠴᠠ ᠶᠢ ᠠᠦ᠋ᠲ᠋ᠣᠴᠢᠯᠠᠬᠤ᠂ ᠣᠶᠤᠨᠴᠢᠯᠠᠬᠤ᠂ ᠨᠢᠭᠡ | ᠴᠣᠭᠴᠠᠵᠢᠭᠤᠯᠬᠤ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ | ᠲᠣᠭᠠᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠬᠤᠲᠠ ᠶᠢ ᠡᠭᠦᠲᠦᠨ ᠪᠠᠶᠢᠭᠤᠯᠬᠤ ᠳᠤ | ᠠᠩᠬᠠᠷᠣᠯ ᠢᠶᠠᠨ ᠲᠦᠪᠯᠡᠷᠡᠬᠦᠯᠵᠦ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠲᠣᠭᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ᠂ ᠢᠨᠲ᠋ᠧᠷ | ᠰᠦᠯᠵᠢᠶ᠎ᠡ᠂ ᠶᠡᠭᠡ ᠳ᠋ᠠᠶᠢᠲ᠋ᠠ᠂ ᠵᠣᠬᠢᠶᠠᠮᠠᠯ ᠣᠶᠤᠨᠯᠢᠭ ᠢ ᠠᠵᠤ ᠦᠢᠯᠡᠰ ᠯᠦᠭᠡ ᠭᠦᠨᠵᠡᠭᠡᠢ ᠠᠭᠤᠰᠤᠯᠴᠠᠭᠤᠯᠬᠤ ᠶᠢ | ᠠᠬᠢᠭᠤᠯᠵᠤ᠂ 5G ᠰᠠᠭᠤᠷᠢ ᠥᠷᠲᠡᠭᠡ ᠶᠢ 300 ᠪᠠᠶᠢᠭᠤᠯᠵᠤ᠂ ︽5G+ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ︾ ᠶᠢᠨ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠠᠬᠢᠭᠤᠯᠤᠨ᠂ ᠨᠢᠭᠡ ᠪᠦᠯᠦᠭ | ᠣᠶᠤᠨᠲᠤ ᠦᠢᠯᠡᠳᠪᠦᠷᠢ᠂ ᠲᠤᠭᠠᠴᠢᠯᠠᠭᠰᠠᠨ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠤᠭᠠᠴᠢᠯᠠᠭᠰᠠᠨ ᠨᠣᠷᠮ᠎ᠠ ᠶᠢ 50% ᠳᠤ | ᠬᠦᠷᠦᠭᠦᠯᠵᠦ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠲᠤᠭᠠᠴᠢᠯᠠᠭᠰᠠᠨ ᠨᠣᠷᠮ᠎ᠠ ᠶᠢ 59% ᠳᠤ | ᠬᠦᠷᠦᠭᠦᠯᠬᠦ ᠪᠠᠷ ᠴᠢᠷᠮᠠᠶᠢᠨ᠎ᠠ᠃ ᠨᠡᠭᠦᠷᠡᠰᠦ ᠴᠠᠬᠢᠯᠭᠠᠨ ᠤ ︽ᠭᠤᠷᠪᠠᠨ ᠵᠦᠢᠯ ᠤᠨ ᠥᠭᠡᠷᠡᠴᠢᠯᠡᠯᠲᠡ ᠶᠢᠨ ᠬᠤᠯᠪᠤᠭᠠᠯᠠᠨ | ᠬᠥᠳᠡᠯᠦᠯᠴᠡᠬᠦ︾ ᠶᠢ ᠶᠡᠬᠡᠪᠡᠷ ᠲᠦᠯᠬᠢᠨ ᠠᠬᠢᠭᠤᠯᠵᠤ᠂ ᠨᠢᠭᠡ ᠪᠦᠯᠦᠭ ᠡᠨᠧᠷᠭᠢ ᠠᠷᠪᠢᠯᠠᠬᠤ᠂ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠂ ᠲᠤᠤᠷ᠎ᠠ ᠨᠡᠭᠦᠷᠡᠰᠦᠲᠥ᠋ᠷᠥᠭᠴᠢᠲᠤ᠂ | ᠨᠡᠭᠦᠷᠡᠰᠦᠲᠥ᠋ᠷᠥᠭᠴᠢ ᠦᠭᠡᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ | ᠠᠵᠤ ᠦᠢᠯᠡᠰ ᠤᠨ ᠪᠣᠬᠢᠷᠲᠤᠯ ᠦᠭᠡᠢ ᠪᠣᠯᠬᠤ᠂ ᠡᠷᠴᠢᠮᠵᠢᠬᠦ ᠳᠠᠰᠢ ᠲᠠᠰ ᠳᠡᠪᠰᠢᠬᠦ ᠶᠢ ᠠᠬᠢᠭᠤᠯᠤᠨ᠎ᠠ᠃ | ᠪᠣᠬᠢᠷᠲᠤᠯ ᠦᠭᠡᠢ ᠡᠨᠧᠷᠭᠢ ᠶᠢ ᠰᠢᠩᠭᠡᠬᠡᠨ ᠠᠪᠬᠤ ᠰᠠᠭᠤᠷᠢᠨ ᠭᠠᠵᠠᠷ ᠪᠠ BDO ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠦᠯᠦᠭᠯᠡᠨ | ᠬᠥᠭᠵᠢᠬᠦ ᠪᠠᠶᠢᠳᠠᠯ ᠢ ᠲᠦᠯᠬᠢᠨ ᠠᠬᠢᠭᠤᠯᠤᠨ᠎ᠠ᠃ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ | ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ | ᠲᠥᠯᠦᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠵᠣᠬᠢᠶᠠᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠨ᠂ ︽ᠠᠯᠠᠱᠠ ᠶᠢᠨ ᠴᠠᠬᠢᠯᠭᠠᠨ ᠢ ᠦᠬᠠᠢ ᠳᠤ ᠣᠷᠣᠭᠤᠯᠬᠤ︾ ᠠᠩᠬᠠᠨ ᠤ | ᠬᠤᠭᠤᠴᠠᠭᠠᠨ ᠤ 200 ᠲᠦᠮᠡᠨ ᠺᠢᠯᠣᠸᠠᠲ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠢ ᠰᠠᠶᠢᠲᠤᠷ ᠠᠳᠬᠤᠵᠤ᠂ ᠳ᠋ᠧᠩᠺᠸᠦ ᠠᠴᠠ ᠬᠠᠶᠢᠷᠤᠪ ᠤᠨ ᠲᠤᠬᠤᠢ ᠬᠦᠷᠬᠦ᠂ ᠠᠯᠠᠱᠠ ᠵᠡᠭᠦᠨ | ᠬᠤᠰᠢᠭᠤ ᠠᠴᠠ ᠤᠳᠠ ᠬᠦᠷᠬᠦ᠂ ᠣᠲᠤᠭ ᠤᠨ ᠡᠮᠦᠨᠡᠲᠦ ᠬᠤᠰᠢᠭᠤ ᠠᠴᠠ ᠬᠠᠶᠢᠨᠠᠨ ᠳᠤ ᠬᠦᠷᠬᠦ ᠵᠡᠷᠭᠡ ᠣᠷᠣᠨ | ᠪᠦᠰᠡ ᠠᠯᠤᠰᠯᠠᠭᠰᠠᠨ ᠪᠤᠬᠢᠷᠲᠤᠯ ᠦᠭᠡᠢ ᠴᠠᠬᠢᠯᠭᠠᠨ ᠬᠦᠷᠭᠡᠬᠦ ᠵᠠᠮ ᠢ ᠨᠠᠪᠲᠠᠷᠡᠭᠦᠯᠵᠦ᠂ ᠬᠠᠳᠠᠭᠠᠯᠠᠵᠤ ᠪᠠᠶᠢᠭ᠎ᠠ | ᠳᠠᠭᠠᠭᠠᠴᠠ ᠶᠢ ᠪᠤᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠨᠡᠮᠡᠭᠳᠡᠯ ᠳᠠᠭᠠᠭᠠᠴᠠ ᠶᠢ ᠪᠤᠬᠢᠷᠲᠤᠯ ᠦᠭᠡᠢ | ᠴᠠᠬᠢᠯᠭᠠᠨ ᠢᠶᠠᠷ ᠲᠣᠬᠢᠷᠠᠭᠤᠯᠬᠤ ᠶᠢ ᠠᠬᠢᠭᠤᠯᠤᠨ᠂ ᠪᠤᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠠᠷ ᠴᠠᠬᠢᠯᠭᠠᠨ ᠬᠠᠩᠭᠠᠬᠤ ᠵᠡᠷᠭᠡ ᠰᠢᠨ᠎ᠡ | ᠡᠨᠧᠷᠭᠢ ᠶᠢᠨ ᠲᠥᠷᠥᠯ ᠵᠦᠢᠯ ᠢ ᠡᠷᠲᠡᠬᠡᠨ ᠪᠠᠶᠢᠭᠤᠯᠤᠨ ᠪᠦᠲᠦᠭᠡᠬᠦ ᠶᠢ ᠲᠦᠯᠬᠢᠨ ᠠᠬᠢᠭᠤᠯᠵᠤ᠂ 30 ᠲᠦᠮᠡᠨ | ᠺᠢᠯᠣᠸᠠᠲ ᠤᠨ ᠮᠠᠰᠢᠨ ᠴᠤᠭᠴᠠᠯᠠᠪᠤᠷᠢ ᠶᠢ ᠲᠣᠣᠷ ᠲᠤ ᠨᠡᠶᠢᠯᠡᠭᠦᠯᠬᠦ ᠪᠠᠷ ᠴᠢᠷᠮᠠᠶᠢᠵᠤ᠂ 2025 ᠣᠨ ᠪᠣᠯᠬᠤ ᠳᠤ | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ 35% ᠠᠴᠠ ᠳᠡᠭᠡᠭᠰᠢ ᠳᠤ ᠬᠦᠷᠦᠭᠦᠯᠦᠨ᠎ᠡ᠃ | ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠯᠢᠲ᠋ᠢ ᠴᠠᠬᠢᠯᠭᠠᠨ | ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠰᠢᠨ᠎ᠡ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠨ ᠰᠦᠷᠦᠭᠵᠢᠬᠦ ᠶᠢ ᠠᠬᠢᠭᠤᠯᠤᠨ᠎ᠠ᠃ ᠪᠥᠬᠦ ᠪᠥᠮᠪᠥᠷᠴᠡᠭ ᠤᠨ | ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ BDO ᠶᠢ ᠨᠢᠭᠡ ᠴᠣᠭᠴᠠᠵᠢᠭᠤᠯᠤᠭᠰᠠᠨ 5 ᠲᠦᠷᠦᠯ ᠵᠦᠢᠯ | ᠵᠢᠴᠢ ᠳᠣᠣᠷᠠᠳᠤ ᠤᠷᠤᠰᠬᠠᠯ ᠤᠨ ᠨᠠᠷᠢᠯᠢᠭ ᠡᠳ᠋ᠰᠢᠭᠦᠯᠬᠦ 8 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠨᠢᠭᠡ ᠪᠦᠯᠦᠭ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠷᠥᠯ ᠵᠦᠢᠯ ᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ᠵᠠᠳᠠᠷᠠᠵᠤ ᠪᠣᠯᠬᠤ ᠪᠦᠲᠦᠭᠡᠭᠳᠡᠬᠦᠨ ᠤ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ | ᠪᠦᠲᠦᠭᠡᠨ ᠪᠠᠶᠢᠭᠤᠯᠵᠤ᠂ ᠰᠫᠠᠨᠳᠧᠺᠰ ᠵᠡᠷᠭᠡ ᠬᠤᠯᠪᠤᠭᠳᠠᠯ ᠪᠦᠬᠦᠢ ᠠᠵᠤ ᠦᠢᠯᠡᠰ ᠢ ᠤᠷᠲᠤᠳᠬᠠᠨ ᠬᠥᠭᠵᠢᠭᠦᠯᠵᠦ᠂ | ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠵᠡᠷᠭᠡ ᠳᠡᠭᠡᠳᠦ ᠲᠠᠰ ᠤᠨ ᠪᠦᠲᠦᠭᠡᠭᠳᠡᠬᠦᠨ ᠢ ᠤᠷᠲᠤᠳᠬᠠᠨ ᠬᠥᠭᠵᠢᠭᠦᠯᠦᠨ᠎ᠡ᠃ | ᠣᠷᠭᠠᠨᠢᠭ ᠴᠠᠬᠢᠭᠤᠷ ᠢ ᠨᠢᠭᠡ ᠴᠣᠭᠴᠠᠵᠢᠭᠤᠯᠬᠤ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠪᠦᠬᠦ ᠤᠯᠤᠰ ᠤᠨ | ᠬᠠᠮᠤᠭ ᠤᠨ ᠲᠣᠮᠣ ᠣᠷᠭᠠᠨᠢᠭ ᠴᠠᠬᠢᠭᠤᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠬᠤ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ | ᠮᠥᠩᠭᠦᠨ ᠭᠦᠢᠯᠭᠡᠭᠡ ᠡᠳ᠋ ᠪᠠᠷᠠᠭᠠᠨ ᠤ ᠭᠦᠢᠯᠭᠡᠭᠡ ᠵᠢᠭᠤᠯᠴᠢᠯᠠᠯ ᠢᠶᠠᠷ ᠭᠤᠣᠯᠳᠠᠯᠭ᠎ᠠ ᠪᠣᠯᠭᠠᠨ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠡᠮᠵᠢᠶ᠎ᠡ ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠯᠬᠢᠨ | ᠠᠭᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ | ᠭᠠᠷᠭᠠᠬᠤ ᠶᠢ ᠠᠬᠢᠭᠤᠯᠬᠤ ︽ᠠᠵᠢᠨᠠᠢ ᠬᠦᠯᠦᠭ ᠦᠢᠯᠡᠴᠢᠯᠡᠭᠡᠨ ᠤ ᠲᠥᠯᠥᠪᠯᠡᠭᠡ︾ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠵᠤ ᠪᠣᠶᠢᠵᠢᠭᠤᠯᠬᠤ | ᠦᠢᠯᠡᠴᠢᠯᠡᠭᠡ ᠪᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ ᠢ ᠰᠲ᠋ᠤᠺᠤᠨ ᠵᠠᠬ᠎ᠠ ᠳᠡᠯᠭᠡᠭᠦᠷ ᠲᠤ | ᠭᠠᠷᠭᠠᠬᠤ ᠶᠢ ᠳᠡᠮᠵᠢᠬᠦ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠨᠢᠭᠡ ᠪᠦᠯᠦᠭ | ᠴᠢᠨᠠᠷ ᠰᠠᠶᠢᠲᠠᠢ ᠠᠵᠤ ᠠᠬᠤᠶᠢᠯᠠᠯ ᠢ ᠰᠣᠩᠭᠤᠵᠤ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ | ᠢ ᠪᠡᠯᠡᠳᠬᠡᠯ ᠬᠥᠮᠥᠷᠭᠡ ᠳᠤ ᠣᠷᠣᠭᠤᠯᠬᠤ ᠶᠢᠨ ᠬᠠᠮᠲᠤ ᠬᠥᠳᠡᠯᠦᠩᠭᠦᠢ ᠪᠠᠷ ᠬᠠᠮᠢᠶᠠᠷᠴᠤ᠂ ︽ᠨᠢᠭᠡ ᠪᠦᠯᠦᠭ ᠢ | ᠪᠣᠶᠢᠵᠢᠭᠤᠯᠬᠤ᠂ ᠨᠢᠭᠡ ᠪᠦᠯᠦᠭ ᠲᠤ ᠰᠲ᠋ᠣᠺ ᠤᠨ ᠥᠭᠡᠷᠡᠴᠢᠯᠡᠯᠲᠡ ᠬᠢᠬᠦ᠂ ᠨᠢᠭᠡ ᠪᠦᠯᠦᠭ ᠢ ᠬᠠᠪᠰᠤᠷᠤᠨ | ᠵᠢᠯᠤᠭᠤᠳᠬᠤ᠂ ᠨᠢᠭᠡ ᠪᠦᠯᠦᠭ ᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ ᠢ ᠵᠠᠬ᠎ᠠ ᠳᠡᠯᠭᠡᠭᠦᠷ ᠲᠤ ᠭᠠᠷᠭᠠᠬᠤ︾ ᠠᠵᠤ | ᠠᠬᠤᠶᠢᠯᠠᠯ ᠢ ᠰᠲ᠋ᠤᠺᠤᠨ ᠵᠠᠬ᠎ᠠ ᠳᠡᠯᠭᠡᠭᠦᠷ ᠲᠤ ᠭᠠᠷᠭᠠᠬᠤ ᠶᠢ ᠱᠠᠲᠤᠯᠠᠨ ᠠᠬᠢᠭᠤᠯᠬᠤ ᠪᠠᠶᠢᠷᠢᠰᠢᠯ ᠢ ᠪᠣᠶ ᠪᠣᠯᠭᠠᠬᠤ ᠶᠢ | ᠠᠬᠢᠭᠤᠯᠤᠨ᠎ᠠ᠃ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠦᠷ᠎ᠡ ᠠᠰᠢᠭ ᠢᠶᠠᠨ ᠳᠡᠭᠡᠭᠰᠢᠯᠡᠭᠦᠯᠬᠦ᠂ ᠪᠦᠲᠦᠴᠡ ᠪᠠᠨ | ᠲᠣᠬᠢᠷᠠᠭᠤᠯᠬᠤ᠂ ᠲᠠᠪᠴᠠᠩ ᠢᠶᠠᠨ ᠴᠢᠩᠭᠠᠳᠬᠠᠬᠤ᠂ ᠲᠣᠭᠲᠠᠴᠠ ᠪᠠᠨ ᠥᠭᠡᠷᠡᠴᠢᠯᠡᠬᠦ ᠶᠢ ᠪᠠᠷᠢᠮᠲᠠᠯᠠᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠦᠢᠯᠡᠳᠬᠦᠨ ᠪᠠ | ᠦᠢᠯᠡᠴᠢᠯᠡᠭᠡᠨ ᠤ ᠰᠢᠨ᠎ᠡ ᠶᠢ ᠡᠭᠦᠳᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ | ᠠᠬᠤᠶᠢᠯᠠᠯᠤᠨ ᠪᠡᠯᠡ ᠲᠣᠬᠢᠷᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠬᠦ ᠶᠢ ᠠᠬᠢᠭᠤᠯᠵᠤ᠂ ᠪᠥᠬᠦ | ᠬᠤᠲᠠ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 10% ᠠᠴᠠ ᠲᠡᠭᠡᠭᠰᠢ ᠪᠤᠯᠭᠠᠬᠤ ᠪᠠᠷ ᠬᠦᠴᠦᠯᠡᠨ | ᠴᠢᠷᠮᠠᠶᠢᠨ᠎ᠠ᠃ ᠬᠦᠴᠦᠨ ᠢᠶᠠᠨ ᠲᠥᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠶᠡᠭᠡ | ᠬᠡᠮᠵᠢᠶᠡᠨ ᠤ ᠲᠠᠸᠠᠷ ᠪᠠᠷᠠᠭᠠᠨ ᠤ ᠭᠦᠢᠯᠭᠡᠭᠡᠨ ᠤ ᠬᠦᠢᠰᠦ ᠶᠢ ᠪᠦᠲᠦᠭᠡᠨ ᠪᠠᠶᠢᠭᠤᠯᠵᠤ᠂ ᠣᠯᠠᠨ ᠵᠦᠢᠯᠦᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠯᠡᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰᠦᠨ ᠲᠤᠷᠰᠢᠯᠲᠠ ᠶᠢᠨ ᠴᠢᠭ ᠢᠶᠠᠷ ᠭᠠᠷᠳᠠᠴᠠ ᠪᠣᠯᠭᠠᠵᠤ᠂ | ᠲᠡᠭᠡᠷ᠎ᠡ ᠱᠠᠳᠣᠨ ᠠᠴᠠ ᠪᠡᠯᠡ ᠮᠥᠩᠭᠦ ᠣᠯᠵᠤ᠂ ᠲᠦᠷᠭᠡᠨ ᠬᠦᠷᠭᠡᠯᠳᠡ ᠶᠢᠨ ᠦᠢᠯᠡᠰ ᠤᠨ ᠬᠥᠮᠥᠷᠭᠡᠯᠡᠨ ᠬᠠᠳᠠᠭᠠᠯᠠᠬᠤ | ᠪᠠ ᠪᠠᠷᠠᠭᠠᠨ ᠤ ᠭᠦᠢᠯᠭᠡᠭᠡᠨ ᠤ ᠣᠶᠤᠨᠲᠤ ᠲᠥᠪᠯᠡᠷᠡᠭᠦᠯᠦᠨ ᠲᠠᠷᠬᠠᠭᠠᠬᠤ ᠲᠥᠪ ᠢ ᠲᠥᠯᠥᠪᠵᠢᠭᠦᠯᠦᠨ ᠪᠦᠲᠦᠭᠡᠨ | ᠪᠠᠶᠢᠭᠤᠯᠵᠤ᠂ ᠨᠢᠭᠡ ᠪᠦᠯᠦᠭ ᠪᠠᠷᠠᠭᠠᠨ ᠤ ᠭᠦᠢᠯᠭᠡᠭᠡᠨ ᠤ ᠬᠥᠲᠥᠴᠢ ᠠᠵᠤ ᠠᠬᠤᠶᠢᠯᠠᠯ᠂ 5A ᠲᠠᠰ ᠤᠨ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ᠂ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠣᠶᠤᠨᠴᠢᠯᠠᠭᠰᠠᠨ | ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠨ ᠪᠣᠶᠢᠵᠢᠭᠤᠯᠵᠤ᠂ ᠪᠠᠷᠠᠭᠠᠨ ᠤ ᠭᠦᠢᠯᠭᠡᠭᠡᠨ ᠤ | ᠦᠢᠯᠡᠰ ᠬᠢᠭᠡᠳ ᠦᠢᠯᠡᠳᠬᠦ ᠦᠢᠯᠡᠰᠦᠨ ᠠᠭᠤᠰᠤᠯᠴᠠᠨ ᠠᠬᠢᠭᠤᠯᠬᠤ ᠶᠢ ᠠᠬᠢᠭᠤᠯᠤᠨ᠎ᠠ᠃ ᠲᠠᠷᠢᠶᠠᠯᠠᠩ ᠰᠣᠶᠣᠯ | ᠵᠢᠭᠤᠯᠴᠢᠯᠠᠯᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠦᠬᠠᠢ ᠶᠢᠨ ︽ᠠᠭᠤᠯᠠ᠂ ᠨᠠᠭᠤᠷ᠂ ᠡᠯᠡᠰᠦ᠂ ᠬᠤᠲᠠ︾ ᠶᠢᠨ ᠥᠪᠡᠷᠮᠢᠴᠡ ᠦᠵᠡᠮᠵᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠦᠬᠠᠢ ᠨᠠᠭᠤᠷᠤᠨ ᠦᠵᠡᠮᠵᠢ ᠶᠢᠨ ᠣᠷᠣᠨ ᠢ ᠤᠯᠤᠰᠤᠨ ᠳᠡᠰᠤᠨ ᠵᠢᠭᠤᠯᠴᠢᠯᠠᠯ ᠰᠡᠯᠡᠬᠦᠴᠡᠯ ᠤᠨ | ᠣᠷᠣᠨ ᠪᠤᠯᠭᠠᠨ ᠪᠠᠶᠢᠭᠤᠯᠬᠤ ᠶᠢ ᠠᠬᠢᠭᠤᠯᠵᠤ᠂ ᠠᠯᠠᠱᠠ ᠠᠶᠢᠮᠠᠭ ᠲᠠᠢ ᠬᠠᠮᠲᠤᠷᠠᠨ ︽ᠦᠬᠠᠢ ᠨᠠᠭᠤᠷ ᠢ ᠲᠣᠭᠤᠷᠢᠭᠰᠠᠨ︾ | ᠵᠢᠭᠤᠯᠴᠢᠯᠠᠯᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠦᠵᠦᠮ ᠤᠨ ᠬᠦᠷᠢᠶᠡᠯᠡᠩ ᠤᠨ ᠨᠣᠭᠤᠭᠠᠨ ᠵᠠᠮ | ᠵᠡᠷᠭᠡ ᠪᠠᠷ ᠠᠴᠢᠶᠠᠯᠠᠪᠤᠷᠢ ᠪᠣᠯᠭᠠᠨ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯᠤᠨ ᠵᠠᠮ ᠱᠤᠭᠤᠮ ᠢ | ᠲᠥᠰᠥᠪᠯᠡᠨ ᠭᠠᠷᠭᠠᠵᠤ᠂ ︽几 ᠦᠰᠦᠭᠲᠤ ᠲᠤᠬᠤᠢ︾ ᠶᠢᠨ ᠬᠤᠲᠠ ᠶᠢᠨ ᠰᠣᠶᠣᠯ ᠵᠢᠭᠤᠯᠴᠢᠯᠠᠯᠤᠨ | ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯᠦᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠥᠳᠡᠭᠡ | ᠲᠣᠰᠬᠤᠨ ᠤ ᠥᠩᠭᠡ ᠦᠵᠡᠮᠵᠢ᠂ ᠣᠲᠣ ᠦᠶ᠎ᠡᠶᠢᠨ ᠲᠠᠷᠢᠶᠠᠯᠠᠩ᠂ ᠪᠡᠶ᠎ᠡ ᠶᠢᠨ ᠲᠠᠮᠢᠷ ᠡᠷᠡᠭᠦᠯ ᠮᠡᠨᠳᠦ᠂ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ᠬᠦᠨᠵᠡᠭᠡᠢ ᠮᠠᠶ᠋ᠢᠭ ᠤᠨ | ᠲᠠᠷᠢᠶᠠᠯᠠᠩ ᠰᠣᠶᠣᠯ ᠵᠢᠭᠤᠯᠴᠢᠯᠠᠯᠤᠨ ᠠᠭᠤᠰᠤᠯᠴᠠᠭᠰᠠᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃ | ᠠᠵᠤ ᠦᠢᠯᠡᠰᠵᠢᠭᠦᠯᠬᠦ ᠰᠡᠳᠬᠢᠬᠦᠢ ᠪᠠᠷ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠦᠨ᠎ᠡ᠃ ᠤᠯᠤᠰ ᠤᠨ | ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠤᠨ ︽ᠨᠢᠭᠡᠳᠦᠭᠡᠷ ᠠᠵᠤ ᠦᠢᠯᠡᠰ | ᠲᠠᠷᠢᠬᠤ᠂ ᠬᠤᠶᠠᠳᠤᠭᠠᠷ ᠠᠵᠤ ᠦᠢᠯᠡᠰ ᠪᠣᠯᠪᠠᠰᠤᠷᠠᠭᠤᠯᠬᠤ᠂ ᠭᠤᠷᠪᠠᠳᠤᠭᠠᠷ ᠠᠵᠤ ᠦᠢᠯᠡᠰ ᠪᠣᠷᠤᠯᠠᠭᠤᠯᠬᠤ ᠪᠠ | ᠵᠤᠭᠠᠴᠠᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠲᠠᠷᠢᠶᠠᠯᠠᠩ ᠤᠨ ᠬᠥᠭᠵᠢᠯᠲᠡ ᠶᠢᠨ ᠬᠡᠪ | ᠵᠠᠭᠪᠤᠷ︾ ᠤᠨ ᠡᠷᠴᠢᠮ ᠢᠶᠠᠨ ᠴᠢᠩᠭᠠᠷᠠᠭᠤᠯᠤᠨ᠂ ᠨᠢᠭᠡ ᠪᠦᠯᠦᠭ ᠰᠤᠯᠠ ᠪᠠᠶᠢᠭ᠎ᠠ ᠬᠦᠯᠡᠮᠵᠢ ᠶᠢ ᠱᠠᠯᠠᠪᠳᠠᠨ | ᠠᠮᠢᠯᠠᠭᠤᠯᠵᠤ᠂ 5 ᠪᠡᠯᠡᠳᠬᠡᠮᠵᠢᠲᠦ ᠲᠠᠷᠢᠶᠠᠯᠠᠩ ᠤᠨ ᠲᠥᠷᠥᠯ ᠵᠦᠢᠯ ᠢ ᠰᠠᠶᠢᠲᠤᠷ ᠠᠳᠬᠤᠵᠤ᠂ ︽ᠢᠳᠡᠰᠢᠨ ᠨᠣᠭᠤᠭ᠎ᠠ︾ | ᠶᠢᠨ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ | ᠰᠠᠬᠢᠵᠤ᠂ 4.37 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠪᠥᠬᠦ ᠣᠷᠣᠨ ᠳᠤ ᠡᠩ ᠲᠡᠷᠢᠭᠦᠨ ᠳᠤ ᠪᠥᠬᠦ ᠣᠷᠣᠨ ᠪᠦᠰᠡ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ᠎ᠠ᠃ ᠦᠵᠦᠮ ᠤᠨ ᠠᠵᠤ ᠦᠢᠯᠡᠰ ᠤᠨ ᠶᠠᠰᠤ ᠴᠢᠨᠠᠷ ᠢᠶᠠᠨ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠬᠦᠴᠦ ᠪᠠᠨ ᠲᠥᠪᠯᠡᠷᠡᠭᠦᠯᠦᠨ ᠠᠬᠢᠭᠤᠯᠵᠤ᠂ ᠪᠡᠯᠡᠳᠬᠡᠮᠵᠢᠲᠦ ᠦᠵᠦᠮ ᠤᠨ | ᠲᠠᠯᠠᠪᠠᠶ ᠶᠢ ᠥᠷᠭᠡᠳᠬᠡᠨ᠂ ᠪᠥᠬᠦ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠡᠵᠡᠩᠨᠡᠯᠲᠡ ᠶᠢᠨ ᠬᠡᠯᠪᠡᠷᠢ ᠪᠠᠷ | ᠬᠠᠮᠤᠭ ᠤᠨ ᠪᠦᠷᠢᠨ᠂ ᠠᠵᠤ ᠦᠢᠯᠡᠰ ᠤᠨ ᠬᠡᠯᠬᠢᠶ᠎ᠡ ᠪᠠᠷ ᠬᠠᠮᠤᠭ ᠤᠨ ᠪᠦᠲᠦᠨ ᠣᠳᠣᠬᠢᠴᠢᠯᠠᠭᠰᠠᠨ ᠦᠵᠦᠮ ᠤᠨ | ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ︵ᠭᠤᠷᠪᠠ︶ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ | ᠴᠢᠳᠠᠮᠵᠢ ᠶᠢ ᠲᠡᠭᠦᠯᠳᠡᠷᠵᠢᠭᠦᠯᠬᠦ ᠲᠠᠯ᠎ᠠ ᠪᠠᠷ ᠨᠠᠩ ᠶᠡᠭᠡ ᠰᠢᠨ᠎ᠡ ᠳᠠᠪᠰᠢᠯᠲᠠ ᠶᠢ ᠪᠡᠶᠡᠯᠡᠭᠦᠯᠦᠨ᠎ᠡ᠃ ᠰᠢᠨ᠎ᠡ ᠮᠠᠶ᠋ᠢᠭ ᠤᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ | ᠲᠥᠯᠥᠪᠵᠢᠭᠦᠯᠵᠦ᠂ ᠬᠠᠭᠤᠴᠢᠨ ᠬᠤᠲᠠ ᠰᠢᠨ᠎ᠡ ᠲᠣᠭᠤᠷᠢᠭ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠤᠲᠠ ᠶᠢᠨ | ᠨᠠᠷᠢᠯᠢᠭᠵᠢᠭᠤᠯᠤᠭᠰᠠᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ | ᠠᠷᠭ᠎ᠠ ᠶᠢ ᠲᠣᠭᠲᠠᠭᠠᠨ ᠨᠡᠶᠢᠲᠡᠯᠡᠵᠦ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠡᠶᠢᠳᠡᠮ ᠬᠠᠷᠠᠭᠠᠯᠵᠠᠵᠤ ᠬᠠᠮᠲᠤᠪᠠᠷ | ᠡᠳ᠋ᠯᠡᠬᠦ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠲᠦᠪᠰᠢᠨ ᠪᠠ ᠰᠠᠴᠣᠷᠠᠭ ᠢᠳᠡᠪᠭᠢ ᠬᠦᠴᠦᠨ ᠪᠠ | ᠳᠠᠶᠢᠴᠢᠯᠠᠬᠤ ᠬᠦᠴᠦᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠷᠢᠯᠢᠭ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠣᠶᠤᠨᠲᠤ ᠬᠤᠲᠠ ᠶᠢ ᠴᠢᠨᠠᠷ ᠰᠠᠶᠢᠲᠠᠢ ᠪᠠᠷ ᠪᠠᠶᠢᠭᠤᠯᠤᠨ᠎ᠠ᠃ ︽ᠨᠢᠭᠡ ᠮᠦᠴᠡᠲᠤ ᠨᠡᠶᠢᠭᠡᠮ | ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠰᠠᠶᠢᠲᠤᠷ ᠪᠠᠶᠢᠭᠤᠯᠵᠤ᠂ 12 ᠲᠤᠷᠰᠢᠯᠲᠠ ᠶᠢᠨ ᠴᠢᠭ ᠤᠨ | ᠠᠮᠢᠳᠤᠷᠠᠯ ᠤᠨ ᠬᠦᠷᠢᠶ᠎ᠡ ᠶᠢᠨ ᠲᠠᠰ ᠳᠡᠪᠰᠢᠬᠦ ᠶᠢ ᠠᠬᠢᠭᠤᠯᠵᠤ᠂ ᠲᠤᠷᠰᠢᠯᠲᠠ ᠶᠢᠨ ᠴᠢᠭ ᠤᠨ ᠠᠮᠢᠳᠤᠷᠠᠯ ᠤᠨ | ᠬᠦᠷᠢᠶ᠎ᠡ ᠶᠢ ᠰᠢᠨ᠎ᠡ ᠪᠠᠷ 2 ᠨᠡᠮᠡᠭᠳᠡᠭᠦᠯᠵᠦ᠂ ᠭᠤᠣᠯ ᠬᠤᠲᠠ ᠶᠢᠨ ᠲᠣᠭᠤᠷᠢᠭ ᠲᠤ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ ᠬᠤᠲᠠ ᠶᠢᠨ ᠰᠢᠨᠡᠴᠢᠯᠡᠯᠲᠡ ᠶᠢ ᠭᠦᠨᠵᠡᠭᠡᠢ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ 368 ᠢᠵᠢ᠂ ᠲᠠᠸᠠᠷ ᠤᠨ ᠣᠷᠣᠨ ᠰᠠᠭᠤᠴᠠ ᠶᠢ 4000 ᠢᠵᠢ ᠠᠴᠠ ᠳᠡᠭᠡᠭᠰᠢ ᠰᠢᠨ᠎ᠡ ᠪᠠᠷ | ᠪᠠᠶᠢᠭᠤᠯᠵᠤ᠂ 63 ᠬᠠᠭᠤᠴᠢᠨ ᠰᠠᠭᠤᠭᠠᠯᠢ ᠲᠣᠭᠤᠷᠢᠭ᠂ 500 ᠢᠵᠢ ᠳᠥᠭᠦᠮ ᠪᠦᠳᠦᠭᠦᠯᠢᠭ ᠣᠷᠣᠨ | ᠰᠠᠭᠤᠴᠠ ᠶᠢᠨ ᠲᠣᠭᠤᠷᠢᠭ ᠤᠨ ᠣᠷᠣᠨ ᠰᠠᠭᠤᠴᠠ ᠶᠢ ᠰᠢᠨᠡᠳᠬᠡᠨ ᠵᠠᠰᠠᠬᠤ ᠶᠢ ᠪᠡᠶᠡᠯᠡᠭᠦᠯᠵᠦ᠂ ᠡᠯ᠎ᠡ ᠲᠥᠷᠥᠯ ᠤᠨ | ᠬᠤᠲᠠ ᠶᠢᠨ ᠶᠠᠪᠤᠳᠠᠯ ᠤᠨ ᠬᠤᠭᠤᠯᠠᠢ ᠶᠢᠨ ᠲᠣᠣᠷ ᠢ 25 ᠺᠢᠯᠣᠮᠧᠲᠷ ᠰᠢᠨᠡᠳᠭᠡᠵᠦ᠂ 10 ︽ᠪᠢᠴᠢᠯ ᠴᠡᠴᠡᠷᠯᠢᠭ︾ ᠢ | ᠰᠢᠨ᠎ᠡ ᠪᠠᠷ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠨᠡᠶᠢᠭᠡᠮ | ᠲᠣᠭᠤᠷᠢᠭ ᠤᠨ ᠬᠤᠭᠤᠯᠠᠨ ᠭᠡᠷ ᠪᠠ ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠱᠣᠩ ᠵᠡᠷᠭᠡ ᠢᠵᠢ ᠪᠦᠷᠢᠳᠦᠭᠦᠯᠬᠦ | ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ ᠬᠠᠶᠢᠷᠤᠪ ᠤᠨ ᠲᠤᠬᠤᠢ ᠶᠢᠨ ᠡᠮᠦᠨ᠎ᠡ ᠬᠡᠰᠡᠭ ᠤᠨ ᠬᠤᠲᠠ ᠶᠢᠨ | ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠠᠬᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠢ | ᠨᠠᠩ ᠦᠵᠡᠰᠬᠦᠯᠡᠩᠲᠦ ᠰᠠᠶᠢᠬᠠᠨ᠂ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ ᠪᠣᠯᠭᠠᠨ᠎ᠠ᠃ ᠪᠢᠨ ᠾᠧ ᠶᠢᠨ | ᠬᠤᠶᠠᠳᠤᠭᠠᠷ ᠬᠤᠭᠤᠴᠠᠭᠠᠨ ᠤ ᠨᠡᠭᠡᠭᠡᠯᠲᠡ ᠶᠢ ᠲᠦᠷᠭᠡᠳᠬᠡᠵᠦ᠂ ᠭᠡᠷᠡᠯᠲᠦᠭᠦᠯᠭᠡ᠂ ᠬᠤᠭᠤᠯᠠᠢ ᠶᠢᠨ ᠲᠣᠣᠷ ᠵᠡᠷᠭᠡ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠳᠠ ᠶᠢᠨ ᠤᠯᠠᠨ ᠨᠡᠶᠢᠲᠡ ᠶᠢᠨ ᠰᠣᠶᠣᠯ ᠤᠨ ᠲᠥᠪ᠂ ᠠᠷᠪᠠᠨ | ᠵᠢᠷᠭᠤᠳᠤᠭᠠᠷ ᠬᠡᠦᠬᠡᠳ ᠤᠨ ᠴᠡᠴᠡᠷᠯᠢᠭ ᠵᠡᠷᠭᠡ ᠲᠦᠷᠦᠯ ᠵᠦᠢᠯ ᠢ ᠲᠦᠷᠭᠡᠪᠴᠢᠯᠡᠨ ᠠᠬᠢᠭᠤᠯᠵᠤ᠂ ᠰᠢᠨ᠎ᠡ ᠬᠤᠳᠠ ᠶᠢᠨ | ᠲᠣᠭᠤᠷᠢᠭ ᠢ ᠨᠡᠩ ᠪᠦᠷᠢᠨ ᠲᠡᠭᠦᠯᠳᠡᠷ᠂ ᠨᠡᠩ ᠭᠤᠶᠤ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ᠃ ᠪᠦᠬᠦ | ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠠᠶ ᠶᠢᠨ ᠬᠤᠷᠠᠯ ᠢ | ᠢᠳᠡᠪᠬᠢᠲᠡᠢ ᠳᠠᠭᠠᠭᠠᠴᠢᠯᠠᠨ ᠡᠷᠭᠢᠯᠡᠵᠦ᠂ ᠣᠶᠤᠨᠲᠤ ᠬᠤᠲᠠ ᠶᠢᠨ ᠬᠠᠮᠢᠶᠠᠷᠤᠯᠲᠠ᠂ ᠣᠶᠤᠨᠲᠤ ᠰᠠᠭᠤᠭᠠᠯᠢ ᠲᠣᠭᠤᠷᠢᠭ | ᠵᠡᠷᠭᠡ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠰᠠᠶᠢᠲᠤᠷ ᠠᠳᠬᠤᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠨᠢᠭᠡ ᠴᠣᠭᠴᠠᠵᠢᠭᠤᠯᠤᠨ ᠰᠢᠢᠳᠪᠦᠷᠢᠯᠡᠬᠦ᠂ ᠭᠠᠷ | ᠳᠠᠮᠵᠢᠭᠰᠠᠨ ᠮᠠᠰᠢᠨ ᠲᠡᠷᠭᠡᠨ ᠤ ᠠᠵᠢᠯ ᠲᠦᠷᠦᠯ ᠢ ᠲᠦᠯᠦᠪᠵᠢᠬᠦᠯᠦᠨ ᠵᠠᠬ᠎ᠠ ᠳᠡᠯᠭᠡᠭᠦᠷ ᠢ ᠵᠢᠷᠣᠮᠵᠢᠭᠤᠯᠬᠤ ᠶᠢ | ᠠᠬᠢᠭᠤᠯᠵᠤ᠂ ᠬᠤᠲᠠ ᠶᠢᠨ ᠳᠦᠷᠰᠦ ᠪᠠᠶᠢᠳᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠭᠤᠤᠯ ᠬᠤᠲᠠ ᠶᠢᠨ ᠲᠣᠭᠤᠷᠢᠭ ᠤᠨ ᠲᠡᠷᠭᠡ ᠵᠣᠭᠰᠤᠭᠠᠬᠤ ᠳᠤ ᠬᠦᠴᠢᠷᠲᠡᠢ | ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠨᠠᠩ ᠰᠢᠯᠢᠳᠡᠭ ᠬᠤᠲᠠ ᠶᠢᠨ ᠬᠠᠮᠢᠶᠠᠷᠤᠯᠲᠠ ᠶᠢᠨ | ᠦᠢᠯᠡᠴᠢᠯᠡᠭᠡ ᠪᠠᠷ ᠬᠤᠲᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠷᠢᠯᠴᠠᠨ ᠬᠤᠯᠪᠣᠵᠤ ᠬᠠᠷᠢᠯᠴᠠᠨ | ᠨᠡᠪᠲᠡᠷᠡᠬᠦ ᠵᠠᠮ ᠬᠠᠷᠢᠯᠴᠠᠭᠠᠨ ᠤ ᠲᠣᠣᠷ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ G1816 ᠶᠢᠨ ᠦᠬᠠᠢ ᠠᠴᠠ | ᠬᠠᠷ᠎ᠠ ᠬᠤᠳᠠ ᠬᠦᠷᠬᠦ ᠬᠡᠰᠡᠭ᠂ S37 ᠶᠢᠨ ᠦᠬᠠᠢ ᠠᠴᠠ ᠨᠢᠩᠰᠢᠶᠠ ᠶᠢᠨ ᠵᠡᠬᠦᠨ ᠬᠦᠷᠬᠦ ᠳᠡᠭᠡᠳᠦ ᠬᠤᠷᠲᠤᠴᠠᠲᠤ | ᠵᠠᠰᠠᠮᠠᠯ ᠵᠠᠮ ᠤᠨ ᠪᠠᠷᠢᠯᠭ᠎ᠠ ᠶᠢ ᠲᠦᠷᠭᠡᠳᠬᠡᠨ ᠠᠬᠢᠭᠤᠯᠵᠤ᠂ ᠬᠠᠶᠢᠷᠤᠪ ᠤᠨ ᠲᠤᠬᠤᠢ ᠶᠢᠨ ᠳᠡᠭᠡᠳᠦ ᠬᠤᠷᠳᠣᠴᠠᠲᠤ | ᠲᠡᠮᠦᠷ ᠵᠠᠮ ᠤᠨ ᠵᠠᠯᠭᠠᠯᠳᠤᠭᠰᠠᠨ ᠣᠷᠣᠨ ᠤ ᠰᠠᠭᠤᠷᠢ ᠪᠡᠯᠡᠳᠬᠡᠮᠵᠢ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠣᠷᠣᠨ ᠨᠤᠲᠤᠭ ᠤᠨ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠬᠢᠭᠡᠳ ᠤᠯᠤᠰ ᠤᠨ ᠲᠡᠮᠦᠷ ᠵᠠᠮ ᠤᠨ | ᠱᠤᠭᠤᠮ ᠤᠨ ᠬᠤᠯᠪᠣᠯᠳᠤᠨ ᠵᠠᠯᠭᠠᠯᠳᠤᠬᠤ ᠶᠢ ᠠᠬᠢᠭᠤᠯᠤᠨ᠎ᠠ᠃ ᠲᠡᠷᠭᠡᠨ ᠥᠷᠲᠡᠭᠡᠨ ᠤ ᠡᠮᠦᠨ᠎ᠡ ᠵᠠᠮ ᠵᠢᠴᠢ ᠵᠥᠷᠢᠯᠢᠭ | ᠬᠥᠭᠦᠷᠭᠡ ᠶᠢᠨ ᠥᠭᠡᠷᠡᠴᠢᠯᠡᠯᠲᠡ᠂ ᠪᠢᠨ ᠾᠧ ᠶᠢᠨ ᠪᠠᠷᠠᠭᠤᠨ ᠬᠡᠰᠡᠭ ᠤᠨ ᠭᠠᠵᠠᠷ ᠣᠷᠣᠨ ᠤ ᠵᠠᠮ ᠵᠢᠴᠢ ᠳᠠᠭᠠᠯᠲᠠ | ᠪᠠᠷᠢᠯᠭ᠎ᠠ ᠶᠢ ᠰᠠᠶᠢᠲᠤᠷ ᠠᠳᠬᠤᠵᠤ᠂ ᠬᠤᠳᠠ ᠶᠢᠨ ᠵᠠᠮ ᠬᠠᠷᠢᠯᠴᠠᠭᠠᠨ ᠤ ︽ᠭᠤᠣᠯ ᠰᠤᠳᠠᠰᠤ︾ ᠶᠢ ᠬᠦᠴᠦᠯᠡᠨ | ᠰᠠᠭᠠᠳ ᠦᠭᠡᠢ ᠨᠡᠪᠲᠡᠷᠡᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠠᠵᠤ ᠦᠢᠯᠡᠰ ᠲᠠᠢ ᠤᠶᠠᠯᠳᠤᠭᠤᠯᠤᠨ ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠢ ᠳᠠᠪᠠᠭᠰᠠᠨ | ᠨᠢᠭᠡ ᠪᠦᠯᠦᠭ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ︽ᠮᠢᠩᠭᠠᠨ ᠲᠤᠰᠬᠤᠨ ᠵᠢᠱᠢᠶ᠎ᠡ ᠦᠵᠡᠬᠦᠯᠵᠦ᠂ ᠲᠦᠮᠡ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ 4 ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠬᠠᠶᠢᠷᠤᠪ ᠤᠨ | ᠲᠤᠬᠤᠢ᠂ ᠤᠳᠠ ᠶᠢᠨ 2 ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ | ᠪᠦᠲᠦᠭᠡᠨ ᠪᠠᠶᠢᠭᠤᠯᠵᠤ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠡᠷᠦᠬᠡ ᠶᠢᠨ ᠵᠣᠷᠯᠣᠩ᠂ ᠲᠠᠷᠢᠶᠠᠯᠠᠬᠤ ᠣᠷᠣᠨ ᠤ ᠵᠠᠮ ᠤᠨ | ᠥᠭᠡᠷᠡᠴᠢᠯᠡᠯᠲᠡ ᠵᠡᠷᠭᠡ ᠢᠨᠵᠧᠨᠧᠷᠢᠩ ᠢ ᠰᠠᠶᠢᠲᠤᠷ ᠠᠳᠬᠤᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ | ᠦᠨᠡᠨᠬᠦ ᠪᠣᠳᠠᠲᠤ ᠠᠰᠢᠭ ᠬᠦᠷᠲᠡᠭᠡᠨ᠎ᠡ᠃ | ︵ᠳᠥᠷᠪᠡ︶ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠨᠠᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ︽ᠦᠬᠠᠢ ᠵᠢᠴᠢ ᠡᠷᠬᠢᠨ ᠲᠣᠭᠤᠷᠢᠨ ᠤ | ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ | ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠤᠯᠤᠭ᠎ᠠ ᠶᠢ | ᠵᠠᠰᠠᠭᠰᠠᠨ︾ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ | ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ ︽ᠪᠣᠬᠢᠷᠲᠤᠯ ᠦᠭᠡᠢ ᠵᠠᠰᠠᠯᠲᠠ︾ ᠶᠢᠨ ᠰᠢᠯᠭᠠᠯᠲᠠ ᠶᠢᠨ | ᠬᠠᠭᠤᠳᠠᠰᠤ ᠶᠢ ᠰᠠᠶᠢᠲᠤᠷ ᠬᠠᠷᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠬᠦᠴᠦᠳᠡᠢ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠵᠡᠷᠭᠡ ᠳᠣᠯᠣᠭᠠᠨ ᠶᠡᠭᠡ ᠶᠡᠷᠦᠩᠬᠡᠶᠢᠯᠡᠭᠰᠡᠨ ᠵᠠᠰᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠡᠷᠭᠡ 30 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠪᠦᠭᠡᠳ | ᠪᠣᠳᠠᠲᠠᠢ ᠠᠳᠬᠤᠵᠤ᠂ ᠠᠭᠤᠷᠬᠠᠢ ᠶᠢᠨ ᠣᠷᠣᠨ ᠤ ᠦᠢᠯᠡᠳᠪᠦᠷᠢ ᠶᠢᠨ ᠲᠣᠭᠤᠷᠢᠭ ᠤᠨ ᠲᠣᠭᠤᠰᠣ ᠰᠢᠷᠣᠢ ᠶᠢ | ᠶᠡᠷᠦᠩᠬᠡᠶᠢᠯᠡᠨ ᠵᠠᠰᠠᠬᠤ ᠪᠠ ᠰᠢᠯ᠂ ᠴᠣᠬᠤᠢ᠂ ᠴᠠᠬᠢᠯᠠᠭᠤᠷ ᠴᠢᠯᠠᠭᠤᠨ ᠤ ᠠᠵᠢᠯ ᠲᠥᠷᠥᠯ ᠤᠨ ᠪᠠᠷᠢᠮᠵᠢᠶ᠎ᠠ ᠶᠢ | ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ 16 ᠲᠥᠷᠥᠯ ᠵᠦᠢᠯ ᠢ ᠨᠠᠷᠢᠨ ᠴᠢᠩᠭ᠎ᠠ ᠠᠳᠬᠤᠵᠤ᠂ ᠬᠤᠲᠠ ᠶᠢᠨ | ᠲᠣᠭᠤᠷᠢᠭ ᠤᠨ 1000 ᠡᠷᠦᠬᠡ ᠶᠢᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠣᠽᠣᠨ ᠪᠠ PM-10 ᠶᠢᠨ ᠵᠠᠰᠠᠯᠲᠠ ᠵᠡᠷᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ | ᠠᠭᠠᠷ ᠤᠨ ᠶᠠᠰᠤ ᠴᠢᠨᠠᠷ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠢ ᠶᠢᠨ | ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ︽ᠨᠢᠭᠡ ᠰᠠᠭᠤᠬᠤ ᠬᠤᠶᠠᠷ | ᠨᠡᠶᠢᠲᠡ︾ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ︽ᠪᠣᠬᠢᠷᠲᠤᠯ | ᠦᠭᠡᠢ ᠠᠮᠢ ᠠᠬᠤᠢ︾ ᠶᠢᠨ ᠵᠢᠷᠤᠭ ᠢ ᠵᠢᠷᠤᠭᠯᠠᠨ᠎ᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠯᠤᠰ ᠤᠨ ᠬᠠᠳᠤᠨ ᠭᠤᠣᠯ ᠤᠨ ᠰᠠᠪᠠ ᠭᠠᠵᠠᠷ ᠤᠨ ᠰᠡᠷᠡᠮᠵᠢᠯᠡᠭᠦᠯᠬᠦ ᠹᠢᠯᠢᠮ ᠪᠣᠯᠣᠨ | ᠥᠪᠡᠷᠲᠡᠭᠡᠨ ᠵᠠᠰᠠᠬᠤ ᠣᠷᠣᠨ ᠤ ᠳᠠᠯᠳᠠᠭᠤᠷ ᠰᠤᠷᠪᠤᠯᠵᠢᠯᠠᠬᠰᠠᠨ ᠹᠢᠯᠢᠮ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ᠂ ᠭᠤᠣᠯ ᠨᠠᠭᠤᠷ ᠤᠨ ︽ᠲᠦᠷᠪᠡᠨ ᠳᠤᠷ᠎ᠠ ᠶᠢ ᠴᠡᠪᠡᠷᠯᠡᠬᠦ︾᠂ ᠭᠤᠣᠯ | ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠤᠤᠭᠤᠬᠤ ᠤᠰᠤᠨ | ᠤ ᠡᠬᠢ ᠰᠤᠷᠪᠤᠯᠵᠢ ᠶᠢᠨ ᠭᠠᠵᠠᠷ ᠢ ᠬᠠᠮᠢᠶᠠᠷᠴᠤ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ | ᠠᠳᠬᠤᠵᠤ᠂ ᠭᠤᠣᠯ ᠳᠠᠭᠠᠤ ᠬᠡᠰᠡᠭ ᠤᠨ ᠡᠷᠭᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠳᠠ ᠵᠡᠷᠭᠡ ᠲᠥᠷᠥᠯ ᠵᠦᠢᠯ ᠢ | ᠲᠦᠯᠬᠢᠨ ᠠᠬᠢᠭᠤᠯᠵᠤ᠂ ᠬᠠᠳᠤᠨ ᠭᠤᠣᠯ ᠤᠨ ᠦᠬᠠᠢ ᠶᠢᠨ ᠬᠡᠰᠡᠭ ᠤᠨ ᠠᠮᠤᠷ ᠲᠦᠪᠰᠢᠨ ᠢ ᠪᠠᠲᠤᠯᠠᠨ᠎ᠠ᠃ | ︽ᠤᠰᠤ ᠪᠠᠷ ᠨᠣᠭᠤᠭᠠᠷᠠᠭᠤᠯᠬᠤ ᠶᠢ ᠲᠣᠭᠲᠠᠭᠠᠬᠤ︾ ᠶᠢ ᠪᠠᠷᠢᠮᠲᠠᠯᠠᠵᠤ᠂ ᠠᠮᠢ ᠠᠬᠤᠢ ᠶᠢ ᠰᠡᠷᠭᠦᠭᠡᠬᠦ ᠪᠦᠲᠦᠭᠡᠨ | ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ | ᠪᠦᠲᠦᠭᠡᠨ ᠪᠠᠶᠢᠭᠤᠯᠤᠯᠲᠠ᠂ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ᠂ ᠬᠠᠳᠤᠨ ᠭᠤᠣᠯ ᠳᠠᠭᠠᠤ ᠶᠢᠨ ᠠᠮᠢ | ᠠᠬᠤᠢ ᠶᠢᠨ ᠬᠤᠩᠭᠢᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ | ᠠᠬᠢᠭᠤᠯᠵᠤ᠂ ᠬᠠᠳᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ | ᠴᠥᠯᠡᠷᠬᠡᠭᠵᠢᠯ ᠢ ᠵᠠᠰᠠᠬᠤ ᠶᠡᠭᠡ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠪᠣᠬᠢᠷᠲᠤᠯ | ᠦᠭᠡᠢ ᠬᠥᠭᠵᠢᠯᠲᠡ︾ ᠶᠢᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ᠃ ᠥᠪᠡᠷᠲᠡᠭᠡᠨ ᠵᠠᠰᠠᠬᠤ ᠣᠷᠣᠨ ᠤ | ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠠᠷᠪᠠᠨ ᠬᠤᠶᠠᠷ ᠶᠡᠭᠡ ᠠᠵᠢᠯᠯᠠᠭ᠎ᠠ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠣᠯᠣᠳ ᠲᠡᠮᠦᠷ᠂ ᠼᠧᠮᠧᠨ᠋ᠲ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ | ᠬᠤᠷᠣᠭᠳᠠᠭᠤᠯᠤᠯ ᠤᠨ ᠬᠠᠮᠢᠶᠠᠷᠤᠯᠲᠠ ᠪᠠᠨ ᠴᠢᠩᠭᠠᠷᠠᠭᠤᠯᠵᠤ᠂ ︽ᠬᠤᠶᠠᠷ ᠥᠨᠳᠥᠷ︾ ᠲᠥᠷᠥᠯ ᠵᠦᠢᠯ ᠤᠨ ᠰᠣᠬᠤᠷ | ᠪᠠᠯᠠᠢ ᠪᠠᠷ ᠬᠥᠭᠵᠢᠬᠦ ᠶᠢ ᠴᠢᠩᠭ᠎ᠠ ᠬᠢᠵᠠᠭᠠᠷᠯᠠᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ ᠢ | ᠨᠡᠮᠡᠭᠳᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠤᠤᠰ ᠡᠵᠡᠮᠳᠡᠯ ᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠤᠰ ᠡᠵᠡᠮᠳᠡᠯ ᠳᠠᠰᠢ ᠬᠤᠪᠢᠷᠠᠭᠤᠯᠬᠤ ᠶᠢ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠵᠤ ᠠᠬᠢᠭᠤᠯᠤᠨ᠎ᠠ᠃ ︽ᠵᠠᠰᠠᠮᠠᠯ ᠵᠠᠮ ᠢ ᠲᠡᠮᠦᠷ ᠵᠠᠮ ᠪᠣᠯᠭᠠᠨ ᠬᠤᠪᠢᠷᠠᠭᠤᠯᠬᠤ︾ | ︽ᠲᠠᠷᠠᠬᠠᠢ ᠪᠤᠲᠠᠷᠬᠠᠢ ᠪᠠᠶᠢᠭᠰᠠᠨ ᠠᠴᠠ ᠨᠢ ᠴᠤᠭᠯᠠᠷᠠᠯ ᠪᠣᠯᠭᠠᠨ ᠥᠭᠡᠷᠡᠴᠢᠯᠡᠬᠦ︾ ︽ᠴᠢᠯᠠᠭᠤᠨ ᠲᠣᠰᠣ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠶᠢ ᠶᠡᠬᠡᠪᠡᠷ ᠳᠡᠯᠭᠡᠷᠡᠭᠦᠯᠵᠦ᠂ ᠨᠢᠭᠡ ᠪᠦᠯᠦᠭ ᠴᠠᠭᠢᠯᠭᠠᠨ ᠴᠡᠨᠡᠭᠯᠡᠬᠦ ︵ᠰᠣᠯᠢᠬᠤ︶ ᠦᠷᠳᠡᠭᠡ ᠶᠢ | ᠪᠠᠶᠢᠭᠤᠯᠵᠤ᠂ ᠰᠢᠨ᠎ᠡ ᠡᠨᠧᠷᠭᠢ ᠶᠢᠨ ᠬᠦᠨᠲᠤ ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ | ᠪᠣᠬᠢᠷᠲᠤᠯ ᠦᠭᠡᠢ ᠲᠡᠭᠡᠭᠡᠪᠦᠷᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ︽ᠲᠠᠪᠤ ᠶᠢ ᠲᠤᠶᠢᠯᠪᠤᠷᠢᠳᠠᠢ | ᠪᠠᠶᠢᠴᠠᠭᠠᠭᠰᠠᠨ︾ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠦᠯᠡᠳᠡᠭᠰᠡᠨ 225.4 ᠾᠧᠺᠲ᠋ᠠᠷ ᠤᠨ ᠵᠦᠪᠰᠢᠶᠡᠷᠡᠭᠰᠡᠨ | ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠢᠳᠪᠦᠷᠢᠯᠡᠬᠦ ᠡᠭᠦᠷᠭᠡ ᠶᠢ ᠲᠦᠷᠭᠡᠳᠬᠡᠨ ᠪᠡᠶᠡᠯᠡᠭᠦᠯᠦᠨ᠎ᠡ᠃ | ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ | ᠲᠤᠶᠢᠯᠪᠤᠷᠢᠳᠠᠢ ᠦᠷ᠎ᠡ ᠪᠦᠲᠦᠮᠵᠢ ᠣᠯᠬᠤ ᠶᠢ ᠠᠬᠢᠭᠤᠯᠵᠤ᠂ ᠨᠡᠮᠡᠭᠳᠡᠯ ᠤᠨ ᠠᠰᠠᠭᠤᠳᠠᠯ ᠡᠭᠦᠰᠬᠦ ᠶᠢ ᠡᠷᠡᠰ | ᠬᠤᠷᠢᠭᠯᠠᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠷᠠᠮᠳᠤᠭᠤᠯᠬᠤ ᠲᠠᠯ᠎ᠠ ᠪᠠᠷ ᠨᠡᠩ ᠶᠡᠭᠡ ᠰᠢᠨ᠎ᠡ ᠦᠷ᠎ᠡ ᠪᠦᠲᠦᠭᠡᠯ ᠣᠯᠣᠨ᠎ᠠ᠃ ᠭᠦᠨ ᠳᠡᠰ ᠳᠠᠪᠬᠤᠷᠭ᠎ᠠ ᠶᠢᠨ | ᠥᠭᠡᠷᠡᠴᠢᠯᠡᠯᠲᠡ ᠪᠠ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ | ᠣᠷᠣᠨ ᠵᠠᠢ ᠶᠢ ᠦᠷᠭᠦᠯᠵᠢᠯᠡᠨ ᠥᠷᠭᠡᠳᠬᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠨᠡᠮᠡᠭᠳᠡᠭᠦᠯᠦᠨ᠎ᠡ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠥᠷᠨᠢᠭᠦᠯᠵᠦ᠂ ︽ᠤᠯᠠᠭᠠᠨ ᠬᠠᠷ᠎ᠠ ᠰᠠᠮᠪᠠᠷ᠎ᠠ︾ ᠶᠢᠨ | ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ︽ᠵᠠᠰᠠᠭ ᠤᠨ ᠣᠷᠳᠣᠨ ᠤ ᠠᠮᠠᠯᠠᠯᠲᠠ+ | ᠨᠡᠶᠢᠭᠡᠮ ᠤᠨ ᠬᠢᠨᠠᠯᠲᠠ ᠲᠠᠯᠪᠢᠬᠤ+ ᠢᠲᠡᠭᠡᠯ ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ︾ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ ᠨᠡᠶᠢᠲᠡ ᠶᠢᠨ | ᠢᠲᠡᠭᠡᠮᠵᠢ ᠶᠢᠨ ᠬᠢᠷᠢ ᠬᠡᠮᠵᠢᠶ᠎ᠡ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ︽ᠣᠷᠣᠨ ᠪᠦᠰᠡ ᠠᠯᠤᠰᠯᠠᠨ ᠨᠡᠶᠢᠳᠡᠮ ᠰᠢᠢᠳᠪᠦᠷᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ︽ᠣᠶᠤᠨᠴᠢ+ ᠲᠤᠶᠢᠯ ᠤᠨ ᠲᠥᠬᠦᠮ︾ ᠦᠢᠯᠡᠴᠢᠯᠡᠭᠡ ᠶᠢ | ᠰᠦᠪᠡᠭᠴᠢᠯᠡᠨ ᠬᠡᠷᠡᠭᠵᠢᠭᠦᠯᠵᠦ᠂ ᠨᠢᠭᠡ ᠪᠦᠯᠦᠭ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ | ᠦᠢᠯᠡᠴᠢᠯᠡᠭᠡᠨ ᠤ ᠢᠵᠢ ᠦᠢᠯᠡᠴᠢᠯᠡᠭᠡ ᠶᠢ ᠨᠡᠶᠢᠲᠡᠯᠡᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠬᠤᠶᠠᠷ ᠥᠷᠲᠡᠭᠡ ᠨᠢᠭᠡ ᠲᠥᠪ︾ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠴᠢᠭ ᠢ ᠴᠢᠷᠮᠠᠶᠢᠨ | ᠡᠭᠦᠳᠴᠦ᠂ ︽ᠦᠬᠠᠢ· ᠤᠶᠤᠨᠴᠢ ᠰᠣᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠶᠢᠭᠤᠯᠤᠮᠵᠢ | ᠲᠣᠭᠲᠠᠴᠠ ᠶᠢᠨ ᠬᠠᠷᠰᠢ ᠰᠠᠭᠠᠳ ᠢ ᠪᠦᠬᠦ ᠬᠦᠴᠦᠨ ᠢᠶᠠᠷ ᠠᠷᠢᠯᠭᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠵᠠᠬ᠎ᠠ | ᠳᠡᠯᠭᠡᠭᠦᠷᠴᠢᠯᠡᠭᠰᠡᠨ ᠡᠯᠧᠮᠧᠨ᠋ᠲ ᠤᠨ ᠲᠣᠬᠢᠷᠠᠭᠤᠯᠤᠯᠲᠠ᠂ ᠵᠠᠰᠠᠭ ᠤᠨ ᠣᠷᠳᠣᠨ ᠤ ᠪᠠᠶᠢᠭᠤᠯᠤᠮᠵᠢ ᠵᠡᠷᠭᠡ | ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠨ᠎ᠠ᠃ ᠣᠮᠠᠷᠠᠰᠢ ᠨᠡᠭᠡᠭᠡᠯᠳᠡ ᠬᠢᠬᠦ ᠥᠷᠥᠴᠡ | ᠭᠠᠵᠠᠷ ᠤᠨ ᠲᠤᠯᠭᠠᠭᠤᠷᠢᠯᠠᠯ ᠢᠶᠠᠨ ᠴᠢᠩᠭᠠᠳᠬᠠᠨ᠎ᠠ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠬᠦᠷᠭᠡᠨ | ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳ᠋ᠤ᠋ᠰᠠᠨᠠᠭᠠᠴᠢᠯᠠᠭᠠ ᠠᠴᠠ ᠪᠠᠨ ᠦᠢᠯᠡᠴᠢᠯᠡᠡ ᠠᠭᠤᠰᠤᠯᠴᠠᠵᠤ᠂ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠲᠣᠭᠤᠷᠢᠨ ᠳᠤ᠂ ︽ᠪᠣᠭᠤᠮᠲᠠ+ ᠥᠷᠥᠴᠡ | ᠭᠠᠵᠠᠷ ᠤᠨ ᠠᠵᠤ ᠠᠬᠤᠢ︾ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠴᠡᠭᠡ᠂ ᠭᠠᠭᠴᠠᠮᠣᠳᠤ ᠵᠡᠷᠭᠡ | ᠬᠢᠯᠢ ᠶᠢᠨ ᠪᠣᠭᠤᠮᠲᠠ ᠶᠢᠨ ᠦᠬᠠᠢ ᠳᠤ ᠣᠷᠣᠬᠤ ᠶᠡᠭᠡ ᠬᠡᠮᠵᠢᠶᠡᠨ ᠤ ᠪᠠᠷᠠᠭᠠᠨ ᠤ ᠭᠦᠢᠯᠭᠡᠭᠡᠨ ᠤ ᠵᠠᠮ ᠢ | ᠨᠠᠪᠲᠠᠷᠡᠭᠦᠯᠵᠦ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠲᠤᠰᠬᠠᠢ | ᠱᠤᠭᠤᠮ ᠵᠡᠷᠭᠡ ᠲᠦᠷᠦᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠡᠷᠬᠢᠨ ᠲᠣᠭᠤᠷᠢᠨ ᠤ ᠬᠦᠷᠢᠶᠡᠯᠡᠩ ᠲᠣᠭᠤᠷᠢᠭ | ᠯᠤᠭ᠎ᠠ ᠶᠢᠨ ᠪᠠᠷᠠᠭᠠᠨ ᠤ ᠭᠦᠢᠯᠭᠡᠭᠡᠨ ᠤ ᠲᠣᠣᠷ ᠢ ᠰᠠᠭᠠᠳ ᠦᠭᠡᠢ ᠨᠠᠪᠲᠠᠷᠡᠭᠦᠯᠵᠦ᠂ ︽ᠮᠣᠩᠭᠤᠯ ᠤᠨ ᠨᠡᠭᠦᠷᠡᠰᠦ ᠶᠢ | ᠦᠬᠠᠢ ᠳᠤ ᠣᠷᠣᠭᠤᠯᠬᠤ︾ ᠶᠢ ᠶᠡᠬᠡᠪᠡᠷ ᠠᠬᠢᠭᠤᠯᠵᠤ᠂ ᠮᠣᠩᠭᠤᠯ ᠤᠯᠤᠰ ᠤᠨ ᠨᠡᠭᠦᠷᠡᠰᠦ ᠶᠢ ᠣᠷᠣᠭᠤᠯᠵᠤ | ᠡᠳ᠋ᠰᠢᠭᠦᠯᠬᠦ ᠬᠦᠷᠢᠶᠡᠯᠡᠩ ᠲᠣᠭᠤᠷᠢᠭ ᠢ ᠬᠦᠴᠦᠯᠡᠨ ᠪᠠᠶᠢᠭᠤᠯᠵᠤ᠂ ︽ᠵᠠᠮ ᠥᠩᠭᠡᠷᠡᠬᠦ ᠠᠵᠤ ᠠᠬᠤᠢ︾ ᠶᠢ | ︽ᠪᠣᠳᠠᠲᠠᠶᠢᠵᠢᠭᠤᠯᠬᠤ ᠠᠵᠤ ᠠᠬᠤᠢ︾ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ︽ᠦᠬᠠᠢ ᠶᠢᠨ ᠬᠠᠮ ᠠᠷᠠᠯᠵᠢᠶ᠎ᠠ︾ | ᠭᠠᠳᠠᠭᠠᠳᠤ ᠠᠷᠠᠯᠵᠢᠶᠠᠨ ᠤ ᠨᠢᠭᠡ ᠦᠷᠳᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ ᠲᠠᠪᠴᠠᠩ ᠤᠨ ᠦᠢᠯᠡᠳᠦᠯ | ᠢᠶᠠᠨ ᠪᠠᠳᠠᠷᠠᠭᠤᠯᠵᠤ᠂ ᠪᠣᠭᠤᠮᠲᠠ ᠪᠠᠷ ᠥᠩᠭᠡᠷᠡᠬᠦ᠂ ᠭᠠᠶᠢᠯᠢ ᠪᠤᠴᠠᠭᠠᠬᠤ᠂ ᠢᠲᠡᠭᠡᠮᠵᠢ ᠶᠢᠨ ᠪᠠᠲᠤᠯᠠᠭ᠎ᠠ᠂ ᠪᠠᠷᠠᠭᠠᠨ ᠤ | ᠬᠦᠢᠯᠭᠡᠭᠡ ᠵᠡᠷᠭᠡ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠲᠣᠰ ᠭᠠᠵᠠᠷ ᠣᠷᠣᠨ ᠤ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠳᠤ ᠰᠠᠩ ᠬᠥᠮᠥᠷᠭᠡ ᠪᠠᠶᠢᠭᠤᠯᠬᠤ ᠶᠢ ᠳᠡᠮᠵᠢᠵᠦ᠂ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠲᠤᠷᠰᠢᠯᠲᠠ ᠶᠢᠨ ᠴᠢᠭ | ᠲᠦᠷᠭᠡᠳᠬᠡᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠣᠨᠴᠠᠯᠢᠭ ᠲᠠᠢ ᠠᠷᠠᠯᠵᠢᠶᠠᠨ ᠤ ᠣᠷᠣᠨ ᠤ ᠭᠠᠳᠠᠭᠠᠳᠤ | ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠭᠠᠳᠠᠭᠠᠳᠤ | ᠠᠷᠠᠯᠵᠢᠶ᠎ᠠ ᠶᠢᠨ ᠶᠡᠷᠦᠩᠬᠡᠢ ᠲᠤᠭ᠎ᠠ ᠶᠢ 5% ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ | ︵ᠵᠢᠷᠭᠤᠭ᠎ᠠ︶ ᠳᠤᠯᠠᠭᠠᠨ ᠪᠦᠯᠢᠶᠡᠨ ᠢᠨᠵᠧᠨᠧᠷᠢᠩ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠨᠠᠩ ᠶᠡᠭᠡ ᠰᠢᠨ᠎ᠡ ᠠᠬᠢᠴᠠ ᠲᠠᠢ ᠪᠣᠯᠭᠠᠨ᠎ᠠ᠃ ᠴᠢᠳᠠᠯ ᠤᠨ ᠬᠢᠷᠢ ᠪᠠᠷ ᠢᠶᠠᠨ | ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠨᠠᠷᠢᠨ ᠲᠠᠩᠰᠠ ᠶᠢ ᠵᠢᠭᠰᠠᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ ᠨᠡᠩ ᠤᠯᠠᠨ ᠲᠦᠷᠦ ᠶᠢᠨ ᠪᠣᠳᠣᠯᠭ᠎ᠠ ᠶᠢ ᠠᠷᠠᠳ ᠤᠨ | ᠠᠮᠢᠳᠤᠷᠠᠯ ᠳᠤ ᠲᠥᠪᠯᠡᠷᠡᠭᠦᠯᠬᠦ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠳᠤ ᠬᠡᠯᠪᠡᠶᠢᠯᠭᠡᠬᠦ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠭᠦᠷᠭᠡ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤᠪᠠᠷ ᠡᠳ᠋ᠯᠡᠭᠦᠯᠤᠨᠡ᠃ ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠢᠯᠴᠢ | ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠵᠤ ᠳᠤᠯᠠᠭᠠᠯᠠᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ | ᠪᠡᠯᠡᠳᠬᠡᠯ ᠢᠯᠴᠢ ᠶᠢᠨ ᠢᠷᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠤᠯᠠᠭᠠᠨ ᠪᠦᠯᠢᠶᠡᠨ ᠢᠶᠠᠷ ᠡᠪᠦᠯᠵᠢᠭᠦᠯᠦᠨ᠎ᠡ᠃ ᠠᠷᠠᠳ ᠲᠦᠮᠡᠨ ᠤ | ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠨᠠᠷᠢᠯᠢᠭ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠵᠤ᠂ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ︽ᠭᠤᠷᠪᠠᠨ ᠡᠩᠨᠡᠭᠡ︾ ᠶᠢ ᠰᠠᠶᠢᠲᠤᠷ ᠪᠠᠶᠢᠭᠤᠯᠵᠤ᠂ | ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠬᠤᠲᠠ ᠶᠢᠨ | ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠢᠨ ᠾᠧ ᠶᠢᠨ ᠰᠤᠷᠭᠠᠭᠤᠯᠢ ᠶᠢᠨ ᠲᠣᠭᠤᠷᠢᠭ ᠵᠡᠷᠭᠡ 33 ᠲᠥᠷᠥᠯ | ᠵᠦᠢᠯ ᠢ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠵᠥᠭᠡᠯᠡᠨ ᠬᠠᠲᠠᠭᠤ ᠲᠣᠨᠤᠭ ᠤᠨ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠬᠡᠦᠬᠡᠳ ᠤᠨ ᠴᠡᠴᠡᠷᠯᠢᠭ ᠤᠨ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠬᠡᠦᠬᠡᠳ ᠤᠨ ᠴᠡᠴᠡᠷᠯᠢᠭ ᠡᠷᠭᠢᠯᠡᠬᠦ ᠪᠦᠲᠦᠴᠡ ᠳᠤ | ᠲᠣᠬᠢᠷᠠᠭᠤᠯᠤᠯᠲᠠ ᠬᠢᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ | ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠲᠡᠭᠡᠭᠰᠢ ᠪᠤᠯᠭᠠᠬᠤ ᠪᠠᠷ ᠬᠦᠴᠦᠯᠡᠨ ᠴᠢᠷᠮᠠᠶᠢᠨ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠡᠯ᠎ᠡ | ᠲᠣᠭᠤᠷᠢᠭ ᠤᠨ ᠪᠦᠬᠦᠨ ᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ | ᠲᠡᠩᠴᠡᠭᠦᠷᠢᠲᠡᠢ ᠬᠥᠭᠵᠢᠯᠲᠡ ᠶᠢ ᠦᠨᠡᠯᠡᠨ ᠵᠢᠱᠢᠵᠦ ᠰᠢᠯᠭᠠᠨ ᠠᠪᠬᠤ ᠶᠢ ᠪᠡᠶᠡᠯᠡᠬᠦᠯᠬᠦ ᠪᠠᠷ ᠬᠦᠴᠦᠯᠡᠨ ᠴᠢᠷᠮᠠᠶᠢᠨ᠎ᠠ᠃ | ᠤᠯᠤᠰ ᠤᠨ ᠲᠠᠰ ᠤᠨ ᠰᠢᠨ᠎ᠡ ᠬᠢᠴᠢᠶᠡᠯ ᠰᠢᠨ᠎ᠡ ᠵᠢᠭᠠᠬᠤ ᠮᠠᠲ᠋ᠧᠷᠢᠶᠠᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠣᠨᠴᠠᠯᠢᠭ ᠪᠦᠬᠦᠢ ᠣᠯᠠᠨ ᠶᠠᠩᠵᠤ ᠶᠢᠨ | ᠬᠥᠭᠵᠢᠯᠲᠡ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠯ ᠢ ᠲᠦᠯᠬᠢᠨ | ᠠᠬᠢᠭᠤᠯᠵᠤ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠲᠡᠢ ᠮᠡᠷᠭᠡᠵᠢᠯ ᠤᠨ ᠴᠢᠳᠠᠪᠤᠷᠢᠲᠠᠨ ᠤ ᠲᠦᠰᠢᠭ ᠲᠤᠯᠭᠠᠭᠤᠷᠢ | ᠬᠠᠩᠭᠠᠨ᠎ᠠ᠃ ᠣᠨᠴᠠᠭᠠᠶ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠬᠥᠭᠵᠢᠯᠲᠡ ᠶᠢ | ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠤᠨ᠎ᠠ᠃ ᠠᠷᠠᠳ ᠲᠦᠮᠡᠨ ᠤ ᠡᠷᠡᠭᠦᠯ ᠮᠡᠨᠳᠦ ᠶᠢ ᠪᠦᠬᠦ ᠬᠦᠴᠦᠨ ᠢᠶᠠᠷ | ᠪᠠᠲᠤᠯᠠᠵᠤ᠂ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠰᠠᠶᠢᠲᠤᠷ ᠬᠡᠷᠡᠭᠯᠡᠨ ᠠᠮᠢᠳᠤᠯᠢᠭ ᠢᠶᠠᠷ ᠬᠥᠭᠵᠢᠭᠦᠯᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ | ᠡᠮᠨᠡᠯᠭᠡ ᠶᠢᠨ ᠬᠤᠯᠪᠤᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠂ ᠬᠤᠲᠠ ᠶᠢᠨ ᠠᠷᠠᠳ ᠤᠨ ᠡᠮᠨᠡᠯᠭᠡ ᠶᠢᠨ | ᠬᠤᠷᠢᠶᠠᠨ ᠤ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ᠂ ᠡᠬᠡ ᠨᠢᠯᠬᠠᠰ ᠤᠨ | ᠡᠷᠡᠭᠦᠯᠵᠢᠯ ᠤᠨ ᠬᠤᠷᠢᠶᠠᠨ ᠤ ᠶᠡᠷᠦᠩᠬᠡᠶᠢᠯᠡᠭᠰᠡᠨ ᠬᠡᠦᠬᠡᠳ ᠠᠰᠠᠷᠠᠵᠤ ᠬᠥᠮᠥᠵᠢᠭᠦᠯᠬᠦ ᠦᠢᠯᠡᠴᠢᠯᠡᠭᠡᠨ ᠤ ᠲᠥᠪ ᠵᠡᠷᠭᠡ | ᠲᠥᠷᠥᠯ ᠵᠦᠢᠯ ᠢ ᠠᠬᠢᠭᠤᠯᠵᠤ᠂ ᠢᠨᠲ᠋ᠧᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠶᠢ ᠶᠡᠬᠡᠪᠡᠷ ᠥᠷᠨᠢᠭᠦᠯᠵᠦ᠂ | ᠣᠯᠠᠨ ᠲᠦᠮᠡᠨ ᠤ ᠡᠪᠡᠳᠴᠢᠨ ᠦᠵᠡᠭᠦᠯᠬᠦ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠪᠥᠬᠦ | ᠤᠯᠤᠰ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢ ᠲᠦᠯᠬᠢᠨ | ᠠᠬᠢᠭᠤᠯᠬᠤ ᠪᠠᠷ ᠭᠠᠷᠳᠠᠴᠠ ᠪᠣᠯᠭᠠᠵᠤ᠂ ᠡᠮᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠᠨ | ᠰᠢᠯᠢᠳᠡᠭᠵᠢᠭᠦᠯᠦᠨ᠂ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠨ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠪᠦᠷᠬᠦᠴᠡ ᠶᠢ 90% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠥᠪᠡᠷᠮᠢᠴᠡ ᠣᠨᠴᠠᠯᠢᠭ ᠪᠦᠬᠦᠢ ᠰᠣᠶᠣᠯ ᠲᠠᠮᠢᠷ ᠤᠨ ᠨᠡᠷᠡᠲᠦ ᠲᠡᠮᠳᠡᠭ ᠢ ᠳᠠᠭᠤᠷᠢᠰᠤᠭᠤᠯᠤᠨ᠎ᠠ᠃ ᠤᠮᠠᠷᠠᠲᠤ ᠬᠢᠯᠢ ᠶᠢᠨ | ᠰᠣᠶᠣᠯ ᠢ ᠶᠡᠬᠡᠪᠡᠷ ᠪᠠᠳᠠᠷᠠᠭᠤᠯᠵᠤ᠂ ᠬᠠᠲᠤᠨ ᠭᠤᠣᠯ ᠤᠨ ᠰᠣᠶᠣᠯ᠂ ᠤᠷᠠᠨ ᠪᠢᠴᠢᠯᠭᠡ ᠶᠢᠨ ᠰᠣᠶᠣᠯ᠂ ᠦᠢᠯᠡᠳᠪᠦᠷᠢ | ᠠᠭᠤᠷᠬᠠᠢ ᠶᠢᠨ ᠰᠣᠶᠣᠯ ᠢ ᠭᠦᠨᠵᠡᠭᠡᠢ ᠠᠭᠤᠳᠠᠯᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ︾ ᠶᠢᠨ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠭᠤᠳᠠᠮ ᠲᠠᠯᠠᠪᠠᠶ ᠶᠢᠨ ᠰᠣᠶᠣᠯ | ᠤᠷᠠᠯᠢᠭ ᠤᠨ ᠨᠠᠶᠢᠷ᠂ ᠤᠯᠠᠭᠠᠨᠮᠥ᠋ᠴᠢᠷ ᠦᠨᠳᠦᠰᠦᠨ ᠱᠠᠲᠤᠨ ᠳᠤ ᠲᠤᠭᠯᠠᠯᠳᠠ ᠭᠠᠷᠭᠠᠬᠤ ᠵᠡᠷᠭᠡ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ | ᠨᠥᠬᠦᠴᠡᠯ ᠢ ᠨᠢ ᠰᠠᠶᠢᠵᠢᠷᠠᠭᠤᠯᠤᠨ᠂ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠳᠤᠲᠠᠭᠤᠳᠠᠯ ᠢ ᠨᠢ ᠨᠥᠬᠦᠪᠦᠷᠢᠯᠡᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠤᠯᠤᠰ ᠤᠨ ᠡᠯᠡᠰᠦᠨ ᠲᠠᠩ ᠤᠨ ᠬᠥᠯ | ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠪᠥᠬᠦ ᠤᠯᠤᠰ ᠤᠨ ᠮᠠᠷᠠᠰᠤᠨ ᠤᠷᠤᠯᠳᠤᠭᠠᠨ ᠵᠡᠷᠭᠡ ᠴᠢᠬᠤᠯᠠ ᠶᠡᠭᠡ | ᠤᠷᠤᠯᠳᠤᠭᠠᠨ ᠢ ᠳᠠᠭᠠᠭᠠᠴᠢᠯᠠᠨ ᠡᠷᠭᠢᠯᠡᠨ᠎ᠡ᠃ ᠠᠵᠢᠯ ᠣᠯᠭᠤᠯᠳᠠ ᠪᠠ ᠠᠳᠠᠯ ᠦᠢᠯᠡᠰ ᠴᠣᠭᠴᠠᠯᠠᠬᠤ ᠶᠢ ᠬᠦᠴᠦᠯᠡᠨ | ᠠᠬᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠠᠵᠢᠯᠴᠢᠨ ᠡᠯᠰᠡᠬᠦ ᠳᠤ ᠬᠦᠴᠢᠷ︾ | ︽ᠠᠵᠢᠯ ᠣᠯᠬᠤ ᠳᠤ ᠬᠦᠴᠢᠷ︾ ᠤᠨ ᠪᠦᠲᠦᠴᠡ ᠶᠢᠨ ᠴᠢᠨᠠᠷᠲᠠᠢ ᠵᠥᠷᠢᠴᠡᠯ ᠢ ᠰᠢᠢᠳᠪᠦᠷᠢᠯᠡᠵᠦ᠂ ᠳᠡᠭᠡᠳᠦ ᠰᠤᠷᠭᠠᠭᠤᠯᠢ | ᠲᠡᠭᠦᠰᠦᠭᠰᠡᠨ ᠰᠤᠷᠤᠭᠴᠢ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠣᠭᠲᠠᠴᠠ ᠪᠠᠨ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠪᠠᠲᠤᠯᠠᠨ | ᠲᠥᠪᠬᠢᠨᠡᠭᠦᠯᠬᠦ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠵᠤ ᠦᠢᠯᠡᠰ ᠤᠨ ᠬᠦᠷᠢᠶᠡᠯᠡᠩ ᠢ | ᠪᠦᠲᠦᠭᠡᠨ ᠪᠠᠶᠢᠭᠤᠯᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠦᠢᠯᠡᠴᠢᠯᠡᠭᠡᠨ ᠤ ᠲᠠᠪᠴᠠᠩ | ᠪᠠᠶᠢᠭᠤᠯᠬᠤ᠂ ᠣᠷᠣᠨ ᠪᠦᠰᠡ ᠠᠯᠤᠰᠯᠠᠨ ᠴᠢᠭ ᠠᠴᠠ ᠴᠢᠭ ᠲᠤ ᠬᠠᠨᠳᠤᠭᠤᠯᠤᠭᠰᠠᠨ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠣᠯᠭᠤᠯᠲᠠ ᠶᠢ ᠠᠬᠢᠭᠤᠯᠵᠤ᠂ | ᠨᠥᠬᠦᠪᠦᠷᠢ ᠶᠢᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 5100 ᠬᠥᠮᠥᠨ | ᠤᠳᠠᠭ᠎ᠠ ᠠᠴᠠ ᠳᠡᠭᠡᠭᠰᠢ ᠥᠷᠨᠢᠭᠦᠯᠵᠦ᠂ ᠬᠤᠲᠠ ᠪᠠᠯᠭᠠᠰᠤᠨ ᠳᠤ 4100 ᠠᠴᠠ ᠳᠡᠭᠡᠭᠰᠢ ᠬᠥᠮᠥᠨ ᠳᠤ ᠰᠢᠨ᠎ᠡ ᠪᠠᠷ | ᠠᠵᠢᠯ ᠣᠯᠭᠤᠬᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ 1700 ᠠᠴᠠ ᠳᠡᠭᠡᠭᠰᠢ ᠬᠥᠮᠥᠨ ᠳᠤ ᠠᠵᠢᠯ | ᠣᠯᠭᠤᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ | ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠨ᠎ᠡ᠃ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠥᠷᠭᠡᠳᠬᠡᠬᠦ ᠲᠤᠰᠬᠠᠢ | ᠠᠵᠢᠯᠯᠠᠭ᠎ᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠺᠠᠷᠲ ᠲᠤ ᠲᠦᠰᠢᠭᠯᠡᠨ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠨᠥᠬᠦᠪᠦᠷᠢ ᠣᠯᠭᠤᠬᠤ ᠵᠡᠷᠭᠡ ᠶᠢ ︽ᠪᠦᠷᠢᠨ ᠴᠢᠳᠠᠮᠵᠢᠲᠤ ᠺᠠᠷᠲ︾ ᠲᠤ ᠰᠢᠭᠤᠳ | ᠣᠷᠣᠭᠤᠯᠬᠤ ᠶᠢ ᠪᠡᠶᠡᠯᠡᠭᠦᠯᠦᠨ᠎ᠡ᠃ ᠣᠨᠴᠠ ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ | ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ | ᠨᠡᠶᠢᠭᠡᠮ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠪᠥᠬᠦ ᠣᠷᠣᠨ ᠤ ᠡᠮᠦᠨ᠎ᠡ | ᠡᠩᠨᠡᠭᠡᠨ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠬᠦᠴᠢᠷᠳᠡᠯ ᠳᠤ ᠲᠤᠯᠭᠠᠷᠠᠭᠰᠠᠨ ᠬᠥᠮᠥᠨ ᠨᠢᠭᠡᠪᠦᠷᠢ ᠳᠤ ᠴᠠᠭ | ᠲᠤᠬᠠᠢ ᠳᠤᠨᠢ ᠲᠡᠩᠬᠡᠷᠡᠭᠦᠯᠦᠨ ᠲᠤᠰᠠᠯᠠᠬᠤ ᠪᠠ ᠬᠠᠶᠢᠷ᠎ᠠ ᠬᠠᠯᠠᠮᠵᠢ ᠬᠦᠷᠲᠡᠭᠡᠨ᠎ᠡ᠃ ᠭᠡᠷ ᠲᠡᠭᠡᠨ ᠰᠠᠭᠤᠵᠤ ᠪᠠᠶᠢᠭ᠎ᠠ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠵᠡᠷᠭᠡ 4 ᠵᠦᠢᠯ ᠤᠨ | ᠢᠨᠵᠧᠨᠧᠷᠢᠩ ᠢ ᠬᠡᠷᠡᠭᠵᠢᠭᠦᠯᠵᠦ᠂ ᠪᠥᠬᠦ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠤᠬᠠᠢ ᠶᠢᠨ ᠲᠠᠯᠠᠪᠤᠷ ᠤᠨ | ᠬᠤᠷᠠᠯ ᠢ ᠳᠠᠭᠠᠭᠠᠴᠢᠯᠠᠨ ᠡᠷᠭᠢᠯᠡᠬᠦ ᠪᠠᠷ ᠠᠵᠠ ᠲᠣᠬᠢᠶᠠᠯ ᠪᠤᠯᠭᠠᠵᠤ᠂ ᠬᠤᠲᠠ ᠶᠢᠨ ᠨᠠᠰᠤᠲᠠᠶᠢᠴᠤᠳ ᠢ ᠠᠰᠠᠷᠠᠨ | ᠰᠤᠪᠢᠯᠠᠬᠤ ᠲᠥᠪ ᠵᠡᠷᠭᠡ ᠨᠠᠰᠤᠵᠢᠯ ᠤᠨ ᠪᠠᠶᠢᠭᠤᠯᠤᠮᠵᠢ ᠶᠢᠨ ᠶᠠᠰᠤ ᠴᠢᠨᠠᠷ ᠢ ᠨᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠪᠥᠬᠦ ᠣᠷᠣᠨ ᠳᠤ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ | ᠨᠠᠰᠤᠵᠢᠯᠲᠠ ᠶᠢᠨ ᠥᠭᠡᠷᠡᠴᠢᠯᠡᠯᠲᠡ ᠶᠢ ᠪᠦᠬᠦᠨ ᠢ ᠬᠠᠮᠤᠷᠬᠤ ᠶᠢ ᠤᠷᠢᠳᠠᠪᠠᠷ ᠪᠡᠶᠡᠯᠡᠭᠦᠯᠬᠦ ᠪᠠᠷ ᠴᠢᠷᠮᠠᠶᠢᠵᠤ᠂ | ︽ᠠᠰᠠᠷᠠᠮᠵᠢ ᠲᠠᠢ ᠦᠳᠡᠯᠬᠦ︾ ᠠᠴᠠ ︽ᠣᠷᠲᠤ ᠨᠠᠰᠣᠯᠠᠵᠤ ᠦᠳᠡᠯᠬᠦ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ︵ᠲᠤᠯᠤᠭ᠎ᠠ︶ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠡᠭᠡᠷ᠎ᠡ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠦᠯᠡᠳᠡᠵᠦ | ᠪᠠᠶᠢᠭ᠎ᠠ ᠠᠶᠤᠯ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ | ᠴᠠᠭ ᠲᠤᠬᠠᠢ ᠳᠤᠨᠢ ᠤᠨᠢᠨ ᠳᠡᠭᠡᠷ᠎ᠡ ᠨᠢ ᠰᠢᠢᠳᠪᠦᠷᠢᠯᠡᠵᠦ᠂ ︽ᠭᠤᠷᠪᠠᠨ ᠰᠠᠭᠤᠷᠢ︾ ᠪᠠᠨ ᠪᠠᠳᠣᠳᠬᠠᠵᠤ᠂ ᠴᠢᠨᠠᠷ | ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ | ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠰᠠᠭᠤᠷᠢ ᠪᠠᠨ ᠪᠠᠳᠣᠳᠬᠠᠨ᠎ᠠ᠃ ᠪᠥᠬᠦ ᠤᠯᠤᠰ ᠤᠨ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ︽ᠬᠢᠷᠢ ᠲᠡᠩᠴᠡᠭᠰᠡᠨ | ᠬᠤᠲᠠ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠲᠣᠥᠷᠵᠢᠭᠤᠯᠤᠭᠰᠠᠨ ᠬᠠᠮᠢᠶᠠᠷᠤᠯᠲᠠ᠂ | ᠨᠠᠷᠢᠯᠢᠭᠵᠢᠭᠤᠯᠤᠭᠰᠠᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠳᠥᠷᠪᠡᠨ ᠱᠠᠲᠤᠨ ᠤ ᠶᠡᠷᠦᠩᠬᠡᠶᠢᠯᠡᠨ ᠵᠠᠰᠠᠬᠤ | ᠲᠥᠪ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠬᠦᠯᠢᠶᠡᠨ ᠠᠪᠬᠤ ᠨᠣᠷᠮ᠎ᠠ᠂ | ᠭᠦᠢᠴᠡᠳᠬᠡᠵᠦ ᠳᠠᠭᠤᠰᠬᠠᠬᠤ ᠨᠣᠷᠮ᠎ᠠ᠂ ᠬᠠᠨᠤᠮᠵᠢ ᠶᠢᠨ ᠨᠣᠷᠮ᠎ᠠ ᠵᠡᠷᠭᠡ ᠭᠦᠢᠴᠡᠳᠬᠡᠯ ᠲᠤᠭ᠎ᠠ ᠶᠢ ᠦᠷᠭᠦᠯᠵᠢᠯᠡᠨ | ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠭᠡᠭᠡᠨ ᠰᠠᠷᠠᠭᠤᠯ ᠢᠨᠵᠧᠨᠧᠷᠢᠩ︾ ᠤᠨ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠢ ᠲᠦᠯᠬᠢᠨ ᠠᠬᠢᠭᠤᠯᠵᠤ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢᠶᠠᠨ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ | ᠰᠢᠢᠳᠪᠦᠷᠢᠯᠡᠬᠦ ᠵᠡᠷᠭᠡ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠤᠯᠤᠰ ᠤᠨ ᠬᠤᠣᠷᠲᠤ | ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ᠂ ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠬᠦᠴᠦᠯᠡᠨ ᠡᠭᠦᠳᠦᠨ ᠪᠠᠶᠢᠭᠤᠯᠤᠨ᠎ᠠ᠃ ᠵᠠᠬᠢᠳᠠᠯ | ᠰᠣᠷᠪᠤᠯᠵᠢᠯᠠᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠬᠦ | ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ | ᠡᠭᠦᠳᠦᠨ ᠪᠠᠶᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠰᠠᠭᠤᠷᠢ ᠪᠠᠨ ᠪᠠᠳᠣᠳᠬᠠᠨ᠎ᠠ᠃ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠪᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠢᠯᠡᠳᠪᠦᠷᠢᠯᠡᠯ ᠤᠨ | ᠬᠢᠨᠠᠨ ᠵᠢᠯᠤᠭᠤᠳᠴᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠠᠯᠪᠠᠨ ᠠᠴᠠ ᠪᠠᠶᠢᠭᠤᠯᠤᠭᠰᠠᠨ ᠲᠥᠷᠥᠯ | ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠭᠠᠯ ᠤᠨᠲᠠᠷᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠶᠢ ᠪᠡᠶᠡᠯᠡᠭᠦᠯᠵᠦ᠂ ᠠᠭᠤᠷᠬᠠᠢ᠂ ᠠᠶᠤᠯ ᠲᠠᠢ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠥᠪᠡᠰᠦᠪᠡᠨ | ᠭᠡᠷ ᠪᠠᠷᠢᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠲᠠᠯᠳᠠ ᠭᠡᠮ ᠤᠨ | ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠤᠳᠠ ᠶᠢᠨ ᠠᠮᠢ | ᠨᠠᠰᠤᠨ ᠤ ᠱᠤᠭᠤᠮ ᠤᠨ ᠠᠮᠣᠷ ᠲᠦᠪᠰᠢᠨ ᠢ ᠬᠢᠨᠠᠨ ᠬᠡᠮᠵᠢᠬᠦ ᠲᠠᠪᠴᠠᠩ᠂ ᠥᠪᠡᠷᠲᠡᠭᠡᠨ ᠵᠠᠰᠠᠬᠤ ᠣᠷᠣᠨ ᠤ | ᠪᠠᠷᠠᠭᠤᠨ ᠣᠷᠣᠨ ᠤ ᠠᠶᠤᠯ ᠲᠠᠢ ᠬᠢᠮᠢ ᠶᠢᠨ ᠪᠦᠲᠦᠭᠡᠭᠳᠡᠬᠦᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠦᠨᠳᠦ ᠣᠨᠴᠠ ᠶᠡᠭᠡ | ᠠᠳᠡᠯ ᠭᠠᠷᠬᠤ ᠶᠢ ᠡᠷᠡᠰ ᠬᠤᠷᠢᠭᠯᠠᠨ᠎ᠠ᠃ ᠠᠶᠤᠯ ᠲᠦᠭᠰᠢᠭᠦᠷᠢ ᠶᠢ ᠰᠡᠷᠭᠡᠶᠢᠯᠡᠬᠦ ᠰᠠᠭᠤᠷᠢ ᠪᠠᠨ ᠪᠠᠳᠣᠳᠬᠠᠨ᠎ᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ᠰᠦᠯᠵᠢᠶᠡᠨ ᠤ ᠠᠮᠤᠷ | ᠲᠦᠪᠰᠢᠨ ᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠲᠣᠭᠤᠭ᠎ᠠ ᠪᠠᠨ ᠪᠠᠯᠪᠠᠴᠢᠨ ᠲᠡᠮᠦᠷ | ᠬᠤᠳᠠᠯᠳᠤᠵᠤ︾ ᠪᠠᠶᠢᠭᠠᠳ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠵᠤ᠂ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ | ᠵᠣᠭᠤᠰ ᠢ ︽ᠬᠥᠳᠡᠯᠦᠩᠭᠦᠢ ᠪᠠᠷ ᠲᠡᠭ ᠪᠣᠯᠭᠠᠬᠤ︾ ᠶᠢ ᠪᠠᠲᠤᠯᠠᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ | ᠪᠠᠨ ᠪᠥᠬᠦ ᠲᠠᠯ᠎ᠠ ᠪᠠᠷ ᠪᠡᠶᠡᠯᠡᠭᠦᠯᠦᠨ᠎ᠡ᠃ ᠬᠦᠴᠦ ᠪᠠᠨ ᠲᠥᠪᠯᠡᠷᠡᠭᠦᠯᠦᠨ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ | ᠬᠤᠷᠢᠶᠠᠵᠤ ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠰᠠᠶᠢᠲᠤᠷ ᠬᠢᠵᠦ᠂ ᠣᠷᠣᠨ | ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠥᠭᠡᠷᠡᠴᠢᠯᠡᠯᠲᠡ ᠶᠢᠨ ᠲᠦᠭᠰᠢᠭᠦᠷᠢ ᠶᠢ ᠠᠷᠢᠯᠭᠠᠬᠤ ᠶᠢ | ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠪᠠ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠥᠯᠥ ᠭᠠᠷᠭᠠᠬᠤ ᠬᠢᠵᠠᠭᠠᠷ | ᠱᠤᠭᠤᠮ ᠢ ᠪᠠᠲᠤ ᠰᠠᠬᠢᠨ᠎ᠠ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ | ᠲᠣᠭᠲᠠᠴᠠ ᠶᠢ ᠨᠠᠶᠢᠳᠠᠪᠤᠷᠢᠵᠢᠭᠤᠯᠵᠤ᠂ ᠤᠳᠠ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠬᠤᠶᠠᠷ ᠢ ᠬᠦᠷᠢᠶᠡᠯᠡᠬᠦ ᠠᠵᠢᠯ ᠤᠨ ᠰᠠᠭᠤᠷᠢ ᠪᠠᠨ ᠤᠯᠠᠮ ᠨᠢᠭᠡ ᠠᠯᠬᠤᠮ ᠪᠠᠬᠢᠵᠢᠭᠦᠯᠵᠦ᠂ ᠪᠥᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠭᠤᠷᠪᠠᠨᠲᠠ ᠮᠠᠩᠯᠠᠶᠢᠯᠠᠬᠤ︾ ᠶᠢ ᠴᠢᠷᠮᠠᠶᠢᠨ ᠪᠡᠶᠡᠯᠡᠭᠦᠯᠦᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ᠂ ᠲᠠᠩᠰᠠ ᠡᠪᠬᠡᠮᠡᠯ᠂ ᠨᠢᠭᠤᠴᠠ ᠶᠢ | ᠬᠠᠮᠠᠭᠠᠯᠠᠬᠤ᠂ ᠬᠥᠨᠳᠡᠯᠡᠨ ᠠᠴᠠ ᠲᠠᠰᠤᠯᠬᠤ᠂ ᠰᠣᠨᠢᠨ ᠮᠡᠳᠡᠭᠡ ᠬᠡᠪᠯᠡᠯ ᠵᠡᠷᠭᠡ ᠠᠵᠢᠯ ᠢᠶᠠᠨ ᠯᠠᠪᠳᠠᠭᠤᠨ ᠪᠠᠲᠤᠲᠠᠢ | ᠰᠠᠶᠢᠲᠤᠷ ᠪᠡᠶᠡᠯᠡᠬᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠶᠢᠨ ᠨᠡᠶᠢᠭᠡᠮ ᠤᠨ ᠵᠠᠰᠠᠯᠲᠠ ᠪᠠ ᠤᠯᠠᠨ ᠨᠡᠶᠢᠲᠡ ᠶᠢᠨ | ᠦᠢᠯᠡᠴᠢᠯᠡᠭᠡ ᠳᠤ ᠥᠷᠭᠡᠨ ᠢᠶᠠᠷ ᠣᠷᠣᠯᠴᠠᠬᠤ ᠶᠢ ᠲᠡᠮᠵᠢᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠵᠤ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠨᠡᠩ ᠴᠢᠩᠭ᠎ᠠ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ ᠪᠢᠳᠡ ᠵᠠᠰᠠᠭ ᠤᠨ ᠣᠷᠳᠣᠨ ᠤ ᠡᠮᠦᠨᠡᠬᠢ ︽ᠠᠷᠠᠳ︾ ᠭᠡᠬᠦ ᠦᠭᠡ ᠶᠢ ᠢᠮᠠᠭᠲᠠ ᠪᠠᠲᠤ ᠴᠡᠭᠡᠵᠢᠯᠡᠵᠦ᠂ | ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠵᠦ᠂ ᠥᠨᠳᠥᠷ ᠪᠦᠲᠦᠮᠵᠢᠲᠡᠶ | ᠵᠢᠷᠤᠮᠵᠢᠯ ᠲᠠᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠦᠷᠭᠦᠯᠵᠢᠯᠡᠨ ᠬᠤᠪᠢᠷᠠᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠪᠠᠲᠤ ᠴᠣᠭᠴᠠᠯᠠᠨ᠎ᠠ᠃ ︽ᠬᠤᠶᠠᠷ ᠢ ᠲᠣᠭᠲᠠᠭᠠᠬᠤ︾ | ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠬᠠᠮᠤᠭ ᠤᠨ ᠦᠨᠳᠦᠰᠦᠨ | ᠱᠠᠭᠠᠷᠳᠠᠯᠭ᠎ᠠ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ | ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ | ᠶᠡᠭᠡ ᠤᠴᠢᠷ ᠶᠠᠪᠤᠳᠠᠯ ᠢ ᠤᠷᠢᠳᠴᠢᠯᠠᠨ ᠬᠤᠲᠠ ᠶᠢᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ᠂ | ᠭᠤᠣᠯᠳᠠᠯᠭ᠎ᠠ ᠲᠠᠢ ᠠᠵᠢᠯ ᠢ ᠰᠠᠨᠠᠭᠠᠴᠢᠯᠠᠭ᠎ᠠ ᠠᠴᠠ ᠪᠠᠨ ᠬᠤᠲᠠ ᠶᠢᠨ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠵᠦ᠂ | ᠴᠢᠬᠤᠯᠠ ᠶᠡᠭᠡ ᠠᠵᠢᠯᠯᠠᠭ᠎ᠠ ᠶᠢ ᠴᠠᠭ ᠲᠤᠬᠠᠢ ᠳᠤᠨᠢ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠵᠦ | ᠵᠥᠪᠰᠢᠶᠡᠷᠡᠭᠦᠯᠬᠦ ᠶᠢ ᠤᠬᠠᠮᠰᠠᠷ ᠠᠴᠠ ᠪᠠᠨ ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠦᠨ᠎ᠡ᠃ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠮᠵᠢᠶ᠎ᠡ ᠶᠢ ᠵᠠᠰᠠᠭ ᠤᠨ ᠣᠷᠳᠣᠨ ᠤ | ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠢᠶᠠᠨ ᠴᠢᠩᠭ᠎ᠠ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢᠶᠠᠨ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠬᠦᠴᠦᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠣᠷᠮ᠎ᠠ ᠶᠢ 100% ᠳᠤ ᠬᠦᠷᠦᠭᠦᠯᠬᠦ ᠶᠢ | ᠦᠨᠡᠨ ᠬᠦ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠨᠠᠷᠢᠨ ᠬᠢᠨᠠᠮᠠᠭᠠᠢ ᠰᠢᠢᠳᠪᠦᠷᠢᠯᠡᠵᠦ᠂ ᠠᠷᠠᠳᠴᠢᠯᠠᠭᠰᠠᠨ ᠨᠠᠮ ᠪᠦᠯᠦᠭ ᠪᠠ ᠨᠡᠶᠢᠭᠡᠮ ᠤᠨ ᠡᠯ᠎ᠡ ᠡᠲᠡᠭᠡᠳ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ | ᠴᠢᠩᠭ᠎ᠠ ᠪᠦᠭᠡᠳ ᠪᠤᠳᠠᠳᠠᠢ ᠠᠳᠬᠤᠨ᠎ᠠ᠃ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠵᠣᠷᠢᠭ ᠢᠶᠠᠨ ᠬᠥᠪᠴᠢᠯᠡᠨ᠎ᠡ᠃ | ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠵᠣᠷᠢᠭᠲᠠᠢ ᠰᠡᠳᠬᠢᠵᠦ ᠴᠢᠳᠠᠮᠠᠭᠠᠢ ᠠᠵᠢᠯᠯᠠᠵᠤ᠂ ᠵᠣᠷᠢᠭᠲᠠᠢ ᠲᠡᠮᠡᠴᠡᠵᠦ ᠴᠢᠳᠠᠮᠠᠭᠠᠢ ᠴᠢᠷᠮᠠᠶᠢᠵᠤ᠂ | ᠪᠤᠯᠤᠨ᠎ᠠ ᠬᠡᠵᠦ ᠲᠤᠭᠳᠠᠮᠠᠭᠴᠠ ᠪᠠᠨ ᠳᠠᠷᠤᠢ ᠲᠦᠷᠭᠡᠨ ᠠᠵᠢᠯᠯᠠᠵᠤ᠂ ᠢᠯᠡᠭᠦᠦ ᠬᠢᠵᠦ ᠳᠡᠶᠢᠯᠪᠡᠯ ᠢᠯᠡᠭᠦᠦ ᠬᠢᠵᠦ᠂ | ︽ᠬᠦᠯᠢᠶᠡᠵᠦ ᠳᠡᠶᠢᠯᠬᠦ ᠦᠭᠡᠢ︾ ᠲᠤᠯᠭᠠᠮ᠎ᠠ ᠰᠡᠳᠬᠢᠯᠭᠡ᠂ ︽ᠤᠳᠠᠭᠠᠨ ᠬᠢᠵᠦ ᠪᠣᠯᠬᠤ ᠦᠭᠡᠢ︾ ᠲᠦᠭᠰᠢᠭᠦᠷᠢᠲᠦ | ᠰᠡᠳᠬᠢᠯᠭᠡ ᠪᠠᠷ ᠲᠡᠷᠡ ᠶᠣᠰᠣᠭᠠᠷ ᠨᠢ ᠪᠤᠰᠢᠭᠤ ᠱᠠᠯᠠᠮᠠᠭᠠᠢ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠭᠤᠷᠪᠠᠨ | ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ | ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ | ᠶᠢ ᠭᠦᠨᠵᠡᠭᠡᠢ ᠠᠬᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠬᠡᠯᠪᠡᠷᠢᠴᠢ ᠦᠵᠡᠯ᠂ ᠨᠣᠶᠠᠨᠴᠢ | ᠰᠤᠷᠲᠠᠯ ᠤᠨ ᠲᠣᠪᠣᠶᠢᠮ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ᠂ ᠨᠠᠩ ᠰᠢᠯᠢᠳᠡᠭ ᠰᠤᠷᠲᠠᠯ᠂ ᠨᠠᠩ ᠪᠣᠳᠠᠲᠠᠢ | ᠠᠷᠭ᠎ᠠ ᠬᠡᠮᠵᠢᠶ᠎ᠡ ᠪᠠᠷ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ ᠬᠤᠷᠳᠤᠴᠠ ᠪᠠᠨ ᠳᠡᠭᠡᠭᠰᠢᠯᠡᠭᠦᠯᠬᠦ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠵᠥᠪ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ | ᠪᠤᠢ ᠪᠣᠯᠭᠠᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠪᠣᠳᠠᠲᠤ | ᠠᠰᠢᠭ ᠬᠦᠷᠳᠡᠬᠦ ᠪᠣᠳᠠᠲᠤ ᠶᠠᠪᠤᠳᠠᠯ ᠢ ᠬᠢᠬᠦ ᠮᠥᠷᠲᠡᠭᠡᠨ ᠪᠠᠰᠠ ᠬᠤᠵᠢᠮ ᠤᠨ ᠬᠥᠮᠥᠰ ᠲᠤ ᠰᠠᠭᠤᠷᠢ ᠲᠠᠯᠪᠢᠬᠤ᠂ | ᠠᠯᠤᠰ ᠭᠡᠳᠤ ᠳᠤ ᠠᠰᠢᠭᠲᠠᠢ ᠰᠠᠶᠢᠨ ᠶᠠᠪᠤᠳᠠᠯ ᠢ ᠬᠢᠨ᠎ᠡ᠃ ᠠᠷᠢᠭᠤᠨ ᠴᠢᠬᠡᠴᠢ ᠪᠠᠶᠢᠬᠤ ᠰᠤᠷᠲᠠᠯ ᠢ ᠡᠭᠦᠷᠢᠳᠡ | ᠪᠠᠲᠤᠯᠠᠨ᠎ᠠ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠳᠠ᠂ ᠲᠤᠰᠬᠠᠢ ᠵᠦᠢᠯ ᠤᠨ ᠬᠢᠨᠠᠨ | ᠪᠣᠳᠣᠯᠲᠠ ᠵᠡᠷᠭᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠲᠡᠷᠡ | ᠬᠡᠪ ᠢᠶᠠᠷ ᠨᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠲᠦᠯᠬᠢᠨ ᠠᠬᠢᠭᠤᠯᠵᠤ᠂ ᠡᠷᠬᠡ | ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠱᠠᠮᠰᠢᠵᠤ ᠰᠢᠷᠭᠤᠯᠵᠢ | ᠢᠯᠵᠠᠷᠠᠬᠤ︾ ᠶᠢ ᠡᠷᠡᠰ ᠵᠠᠯᠬᠠᠭᠠᠨ ᠰᠢᠳᠭᠡᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ | ᠪᠠᠬᠢᠵᠢᠭᠦᠯᠦᠨ ᠬᠥᠭᠵᠢᠭᠦᠯᠤᠨ᠎ᠡ᠃ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ᠂ ᠠᠷᠪᠢᠯᠠᠨ ᠭᠠᠮᠨᠠᠵᠤ | ᠠᠷᠠᠳ ᠢ ᠪᠠᠶᠠᠵᠢᠭᠤᠯᠬᠤ ᠶᠢ ᠪᠠᠷᠢᠮᠲᠠᠯᠠᠨ᠂ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠵᠤ᠂ | ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠰᠢᠨ᠎ᠡ ᠳᠦᠷᠢ | ᠲᠥᠷᠬᠦ ᠶᠢᠨ ᠢᠨᠵᠧᠨᠧᠷᠢᠩ︾ ᠢ ᠡᠷᠡᠰ ᠬᠤᠷᠢᠭᠯᠠᠵᠤ᠂ ᠵᠠᠰᠠᠭ ᠤᠨ ᠣᠷᠳᠣᠨ ᠤ ︽ᠭᠠᠮᠲᠠᠢ ᠠᠮᠢᠳᠤᠷᠠᠯ︾ ᠢᠶᠠᠷ ᠤᠯᠠᠨ | ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯ | ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠂ ᠡᠨᠡ ᠬᠦ ᠭᠤᠣᠯ | ᠰᠢᠵᠢᠮ ᠢ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠪᠠ ᠨᠠᠮ ᠤᠨ | ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠪᠦᠬᠦ ᠲᠠᠯ᠎ᠠ ᠪᠠᠷ ᠲᠤᠤᠱᠯᠠᠭᠤᠯᠵᠤ᠂ ᠠᠰᠠᠭᠤᠳᠠᠯ ᠢ | ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠷᠦ ᠶᠢᠨ ᠪᠣᠳᠣᠯᠭ᠎ᠠ ᠭᠠᠷᠭᠠᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠤᠱᠯᠠᠭᠤᠯᠤᠨᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠠᠭᠤᠷᠢ ᠪᠠᠨ ᠪᠠᠳᠣᠳᠬᠠᠵᠤ ᠶᠠᠰᠤ ᠴᠢᠨᠠᠷ | ᠢᠶᠠᠨ ᠳᠡᠭᠡᠭᠰᠢᠯᠡᠭᠦᠯᠬᠦ᠂ ᠦᠨᠳᠦᠰᠦ ᠪᠠᠨ ᠪᠣᠶᠢᠵᠢᠭᠤᠯᠵᠤ ᠰᠦᠭ ᠰᠦᠨᠡᠰᠦ ᠪᠠᠨ ᠱᠣᠭᠤᠬᠤ᠂ ᠲᠦᠷᠦᠯ ᠲᠡᠮᠳᠡᠭ ᠢᠶᠠᠷ | ᠬᠦᠲᠦᠯᠦᠨ ᠳᠠᠭᠠᠭᠤᠯᠬᠤ ᠶᠢ ᠠᠬᠢᠭᠤᠯᠵᠤ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠦ᠂ | ᠨᠠᠮ ᠢᠶᠠᠨ ᠡᠬᠦᠷᠢᠳᠡ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ᠂ ︽ᠡᠶ᠎ᠡ ᠨᠠᠶᠢᠷᠠᠮᠳᠠᠭᠤ ᠦᠬᠠᠢ︾ ᠶᠢᠨ | ᠣᠯᠠᠨ ᠲᠦᠮᠡᠨᠴᠢ ᠴᠢᠨᠠᠷᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ︽ᠵᠢᠷᠭᠤᠭᠠᠨ ᠪᠠᠳᠠᠭ ᠦᠬᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠭᠦᠯᠵᠦ᠂ | ︽ᠲᠤᠯᠤᠭᠠᠨ ᠵᠢᠱᠢᠶᠡᠴᠢ ᠪᠤᠯᠬᠤ︾ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠡᠷᠭᠡ ᠠᠵᠢᠯ ᠢᠶᠠᠨ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠴᠦ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠪᠥᠬᠦ ᠬᠦᠴᠦᠨ ᠢᠶᠠᠷ ᠢᠶᠠᠨ | ᠬᠠᠮᠠᠭᠠᠯᠠᠨ᠎ᠠ᠃ | ᠲᠥᠯᠥᠭᠡᠯᠡᠭᠴᠢᠳ ᠠ᠋︕ ᠠᠤᠭ᠎ᠠ ᠲᠥᠰᠥᠪ ᠢ ᠨᠢᠭᠡᠨᠳᠡ ᠵᠢᠷᠣᠭᠯᠠᠵᠤ ᠰᠢᠨ᠎ᠡ ᠠᠶᠠᠨ ᠢᠶᠠᠨ ᠡᠭᠢᠯᠡᠬᠦᠯᠵᠦ᠂ | ᠲᠤᠮᠳᠠ ᠲᠦᠪᠰᠢᠨ ᠳᠤ ᠡᠷᠡᠯᠬᠡᠭᠯᠡᠨ ᠣᠷᠣᠬᠤ ᠪᠠᠷ ᠳᠠᠷᠪᠠᠭᠤᠯ ᠬᠡᠶᠢᠰᠬᠡᠨ ᠤᠷᠤᠭᠰᠢᠯᠠᠨᠠᠮ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠵᠥᠪ | ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ | ᠳᠡᠮᠵᠢᠯᠭᠡ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ︽ᠬᠤᠶᠠᠷ ᠶᠡᠭᠡ ᠶᠠᠪᠤᠳᠠᠯ︾ ᠢ | ᠰᠠᠶᠢᠲᠤᠷ ᠪᠡᠶᠡᠯᠡᠬᠦᠯᠬᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ | ᠣᠷᠣᠬᠤ︾ ᠳᠤ ᠬᠦᠴᠦ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠳᠠᠢ | ᠵᠠᠰᠠᠯᠲᠠ ᠶᠢ ᠠᠬᠢᠭᠤᠯᠤᠨ ᠰᠢᠨ᠎ᠡ ᠠᠯᠬᠤᠮ ᠢ ᠠᠯᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︕ |