ᠬᠤᠳᠠ ᠶᠢᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/6
     2 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ 2024 ᠣᠨ ᠤ 3 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠪᠣᠯᠣᠨ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ 1 ᠰᠠᠷ᠎ᠠ ᠶᠢᠨ 31 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠬᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠡᠷᠭᠡ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠲᠣᠭᠲᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠦᠨᠡᠨ ᠬᠦ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠦᠨᠳᠦᠰᠦᠨ ᠠᠭᠤᠯᠤᠭᠳᠠᠬᠤᠨ᠂ ᠭᠤᠣᠯ ᠪᠡᠯᠭᠡ ᠲᠡᠮᠳᠡᠭ᠂ ᠮᠥᠨ ᠴᠢᠨᠠᠷ ᠤᠨ ᠰᠢᠨᠵᠢ ᠴᠢᠨᠠᠷ ᠢ ᠤᠨᠢᠨ ᠳᠡᠭᠡᠷ᠎ᠡ ᠨᠢ ᠡᠵᠡᠮᠰᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠮᠠᠨ ᠤ ᠬᠤᠳᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠰᠢᠪᠲᠤᠯᠤᠯᠲᠠ ᠶᠢᠨ ᠴᠢᠭ ᠢᠶᠠᠨ ᠣᠨᠣᠪᠴᠢᠲᠠᠢ ᠡᠷᠢᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠦᠬᠠᠢ ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ︽ᠵᠢᠷᠭᠤᠭᠠᠨ ᠪᠠᠳᠠᠭ ᠦᠭᠡ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠲᠣᠳᠣᠷᠬᠠᠢ ᠶᠠᠷᠢᠵᠤ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠭᠡᠷ ᠤᠨ ᠬᠥᠮᠥᠨ ᠮᠡᠲᠦ ᠶᠡᠭᠡ ᠰᠠᠶᠢᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠴᠣᠮᠬᠠᠳᠬᠠᠨ ᠬᠤᠷᠠᠯ ᠢ ᠪᠠᠭᠠᠰᠬᠠᠵᠤ᠂ ᠪᠠᠶᠢᠴᠠᠭᠠᠯᠳᠠ ᠬᠢᠵᠦ ᠬᠢᠨᠠᠨ ᠰᠢᠯᠭᠠᠬᠤ  ᠪᠠᠨ ᠵᠢᠷᠤᠮᠵᠢᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠲᠥᠪ ᠬᠤᠷᠢᠶ᠎ᠠ᠂ ᠪᠦᠬᠦ ᠣᠷᠣᠨ ᠪᠣᠯᠣᠨ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ ᠤᠶᠠᠯᠳᠤᠭᠤᠯᠵᠤ᠂ ᠭᠤᠣᠯ ᠴᠢᠬᠤᠯᠠ ᠠᠭᠤᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠠᠵᠢᠯ ᠤᠨ ᠭᠤᠣᠯᠳᠠᠯᠭ᠎ᠠ ᠪᠠᠨ ᠨᠡᠪᠲᠡᠷᠬᠡᠢ ᠡᠵᠡᠮᠰᠢᠵᠦ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠺᠠᠳ᠋ᠷ ᠢ ᠱᠠᠯᠠᠪᠳᠠᠭᠤᠯᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠪᠦᠬᠦ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠵᠡᠷᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠶᠢᠷᠢᠯᠠᠭᠤᠯᠤᠭᠰᠠᠨ 10 ᠲᠠᠯ᠎ᠠ ᠶᠢᠨ ᠠᠵᠢᠯ ᠢ ᠨᠠᠷᠢᠨ ᠬᠢᠨᠠᠮᠠᠭᠠᠢ ᠰᠤᠳᠤᠯᠵᠤ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠦᠬᠠᠢ ᠳᠤ ᠪᠣᠳᠠᠲᠠᠢ ᠪᠠᠷ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯᠣᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠢᠯᠵᠠᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ ᠪᠣᠯᠣᠨ ᠮᠠᠨ ᠤ ᠬᠤᠳᠠ ᠶᠢᠨ ᠠᠵᠢᠯ ᠤᠨ ᠲᠥᠰᠥᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠢᠶᠠᠨ ᠵᠠᠯᠠᠷᠠᠭᠤᠯᠤᠨ ᠵᠠᠰᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠬᠠᠢ ᠬᠤᠲᠠ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ︽ᠦᠬᠠᠢ ᠬᠤᠲᠠ ᠶᠢᠨ ᠬᠤᠲᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠬᠤ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ︽ᠦᠬᠠᠢ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠪᠠ᠃ ᠠᠵᠤ ᠠᠬᠤᠢ ᠶᠢᠨ ᠠᠵᠢᠯᠯᠠᠭᠠᠨ  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠵᠢᠯ᠂ ᠬᠡᠲᠦᠷᠡᠮᠡᠬᠡᠢ ᠴᠠᠭ ᠠᠭᠤᠷ ᠢ ᠰᠡᠷᠭᠡᠶᠢᠯᠡᠨ ᠠᠷᠭᠠᠴᠠᠭᠠᠬᠤ᠂ ᠪᠠᠶᠢᠭᠤᠯᠤᠮᠵᠢ ᠶᠢᠨ ᠥᠭᠡᠷᠡᠴᠢᠯᠡᠯᠲᠡ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号