ᠭᠤᠤᠯ ᠰᠡᠳᠦᠪᠲᠦ ᠬᠥᠮᠦᠵᠢᠯ᠄ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/7
     1 ᠰᠠᠷ᠎ᠠ ᠶᠢᠨ 19 ᠤ ᠡᠳᠦᠷ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠸᠧᠨ ᠵᠢᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠯᠪᠤᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ ᠡᠮᠦᠨ᠎ᠡ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ ᠰᠤᠳᠤᠯᠤᠨ ᠶᠠᠷᠢᠯᠴᠠᠵᠤ᠂ ᠰᠡᠳᠬᠢᠯ ᠤᠨ ᠦᠭᠡ ᠪᠠᠨ ᠶᠠᠷᠢᠯᠴᠠᠭᠰᠠᠨ ᠶᠢ ᠭᠦᠨᠵᠡᠭᠡᠢ ᠥᠷᠨᠢᠭᠦᠯᠵᠦ᠂ ᠲᠤᠪᠤᠶᠢᠮ᠎ᠠ ᠠᠰᠠᠭᠤᠳᠠᠯ ᠢᠶᠠᠨ ᠭᠦᠨᠵᠡᠭᠡᠢ ᠪᠠᠶᠢᠴᠠᠭᠠᠨ ᠲᠡᠯᠭᠡᠭᠰᠡᠨ ᠪᠥᠭᠡᠳ ᠡᠭᠦᠨ ᠤ ᠰᠠᠭᠤᠷᠢᠨ ᠳᠡᠭᠡᠷ᠎ᠡ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢᠶᠠᠨ ᠨᠠᠷᠢᠨ ᠬᠢᠨᠠᠮᠠᠭᠠᠢ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠤᠷᠤᠭᠰᠢᠲᠠᠢ ᠬᠤᠷᠠᠯᠳᠤᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠤᠷᠠᠯ ᠠᠴᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠣᠷᠣᠯᠴᠠᠯᠭ᠎ᠠ ᠶᠢ ᠵᠣᠬᠢᠶᠠᠨ ᠪᠠᠶᠢᠭᠤᠯᠤᠭᠰᠠᠨ᠂ ᠰᠡᠳᠬᠢᠯ ᠤᠨ ᠦᠭᠡ ᠪᠠᠨ ᠶᠠᠷᠢᠯᠴᠠᠭᠰᠠᠨ᠂ ᠠᠰᠠᠭᠤᠳᠠᠯ ᠢᠶᠠᠨ ᠪᠠᠶᠢᠴᠠᠭᠠᠨ ᠳᠡᠯᠭᠡᠭᠰᠡᠨ ᠪᠠᠶᠢᠳᠠᠯ ᠢᠶᠠᠨ ᠵᠠᠷᠯᠠᠨ ᠮᠡᠳᠡᠭᠳᠡᠪᠡ᠃ ᠸᠠᠩ ᠸᠧᠨ ᠵᠢᠶᠧ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠳᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂ ᠨᠠᠮ ᠤᠨ ᠤᠳᠤᠷᠢᠳᠬᠤ ᠲᠤᠭᠤᠶᠢᠯᠠᠩ ᠤᠨ ᠪᠤᠰᠤᠳ ᠪᠦᠷᠢᠯᠳᠦᠬᠦᠨ ᠨᠡᠷ ᠨᠢᠭᠡᠳ ᠨᠢᠭᠡ ᠪᠠᠷ ᠬᠤᠪᠢ ᠬᠥᠮᠦᠨ ᠤ ᠬᠠᠷᠢᠴᠠᠭᠤᠯᠤᠭᠰᠠᠨ ᠪᠠᠶᠢᠴᠠᠭᠠᠯᠳᠠ ᠬᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠪᠠᠷ ᠥᠷᠨᠢᠭᠦᠯᠪᠡ᠃      ᠸᠠᠩ ᠸᠧᠨ ᠵᠢᠶᠧ ᠬᠡᠯᠡᠭᠰᠡᠨ ᠨᠢ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠬᠦ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠳᠡᠢ︔ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠰᠣᠷᠣᠯᠴᠠᠬᠤᠢ ᠰᠡᠳᠭᠢᠬᠦᠢ ᠬᠡᠷᠡᠭᠯᠡᠬᠦᠢ ᠶᠢ ᠨᠡᠪᠲᠡᠷᠡᠯᠴᠡᠭᠦᠯᠬᠦ᠂ ᠮᠡᠳᠡᠬᠦᠢ ᠢᠳᠡᠭᠡᠬᠦᠢ ᠬᠢᠬᠦᠢ ᠶᠢ ᠨᠢᠭᠡᠳᠬᠡᠬᠦ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ︔ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ︔ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠲᠤᠰ ᠣᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠢ ᠨᠢᠭᠡᠳᠦᠯᠲᠡᠢ ᠲᠥᠯᠥᠪᠵᠢᠭᠦᠯᠦᠨ ᠲᠤᠤᠱᠯᠠᠭᠤᠯᠵᠤ᠂ ︽ᠲᠠᠷᠣᠶᠢᠬᠠᠨ ᠰᠠᠶᠢᠵᠢᠷᠠᠭᠤᠯᠬᠤ︾ ᠪᠠ ︽ᠤᠷᠳᠤ ᠬᠤᠭᠤᠴᠠᠭ᠎ᠠ ᠪᠠᠷ ᠪᠠᠷᠢᠮᠳᠠᠯᠠᠬᠤ︾ ᠶᠢ ᠤᠶᠠᠯᠳᠤᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠬᠠᠭᠠᠰ ᠠᠵᠢᠯ︾ ᠢᠶᠠᠨ ᠭᠦᠢᠴᠡᠳ ᠬᠢᠵᠦ᠂ ᠰᠠᠶᠢᠲᠤᠷ ᠪᠡᠶᠡᠯᠡᠬᠦᠯᠵᠦ᠂ ᠨᠠᠷᠢᠨ ᠲᠠᠩᠰᠠᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠲᠤᠭᠳᠠᠴᠠᠵᠢᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭᠠᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号