ᠼᠦᠢ ᠵᠢᠩ ᠶᠢᠩ ᠤᠳᠠ ᠲᠣᠭᠤᠷᠢᠭ ᠲᠤ ᠬᠦᠷᠴᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠬᠥᠭᠵᠢᠯᠲᠡ ᠠᠵᠢᠯᠯᠠᠭᠠᠨ ᠤ ᠪᠠᠶᠢᠳᠠᠯ ᠢ ᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/8
     2 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ ᠲᠤ ᠬᠦᠷᠴᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠢ ᠨᠢ ᠪᠠᠶᠢᠴᠠᠭᠠᠨ ᠰᠤᠳᠤᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠣᠷᠣᠯᠴᠠᠪᠡ᠃      ᠼᠦᠢ ᠵᠢᠩ ᠶᠢᠩ ᠨᠠᠷ ᠤᠷᠢᠳ ᠬᠤᠵᠢᠳ ᠥᠪᠥᠷ ᠮᠣᠩᠭᠤᠯ ᠤᠨ ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠢ ᠶᠢᠨ ᠡᠨᠧᠷᠭᠢ ᠶᠢᠨ ᠦ᠋ ᠬᠤ᠋ ᠱᠠᠨ ᠠᠭᠤᠷᠬᠠᠢ ᠶᠢᠨ ᠦᠢᠯᠡᠰ ᠤᠨ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠦ᠋ ᠬᠤ᠋ ᠱᠠᠨ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠨᠠᠯᠠᠤ ᠬᠤᠳᠳᠤᠭ ᠤᠨ ᠨᠡᠬᠦᠷᠡᠰᠦ ᠮᠠᠯᠲᠠᠬᠤ ᠠᠵᠢᠯ ᠤᠨ ᠲᠠᠯᠠᠪᠠᠢ ᠳᠤ ᠭᠦᠨᠵᠡᠭᠡᠶᠢᠷᠡᠨ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠭᠠᠰ ᠢ ᠰᠡᠷᠭᠡᠶᠢᠯᠡᠬᠦ᠂ ᠳᠡᠭᠡᠪᠦᠷ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠮᠤᠷ ᠲᠦᠪᠰᠢᠨ ᠤ ᠮᠡᠷᠭᠡᠵᠢᠯ ᠤᠨ ᠠᠷᠭ᠎ᠠ ᠬᠡᠮᠵᠢᠶ᠎ᠡ ᠵᠢᠴᠢ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠦᠢᠯᠡᠳᠪᠦᠷᠢᠯᠡᠯ ᠤᠨ ᠲᠣᠬᠢᠷᠠᠭᠤᠯᠤᠯᠲᠠ ᠬᠠᠮᠢᠶᠠᠷᠤᠯᠲᠠ᠂ ᠠᠭᠤᠷᠬᠠᠢ ᠶᠢᠨ ᠬᠤᠳᠳᠤᠭ ᠤᠨ ᠰᠠᠯᠬᠢ ᠨᠡᠪᠲᠡᠷᠡᠬᠦ ᠵᠡᠷᠭᠡ ᠪᠠᠶᠢᠳᠠᠯ ᠢ ᠨᠢ ᠵᠦᠢᠯ ᠳᠠᠷᠠᠭᠠᠯᠠᠨ ᠪᠠᠶᠢᠴᠠᠭᠠᠪᠡ᠃      ᠼᠦᠢ ᠵᠢᠩ ᠶᠢᠩ ᠬᠡᠯᠡᠭᠰᠡᠨ ᠨᠢ᠂ ᠥᠷᠭᠡᠨ ᠤᠯᠠᠨ ᠠᠵᠤ ᠠᠬᠤᠶᠢᠯᠠᠯ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠣᠯᠣᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠪᠣᠯᠪᠠᠰᠤᠷᠠᠯ ᠢᠶᠠᠨ ᠴᠢᠩᠭᠠᠳᠬᠠᠵᠤ᠂ ᠠᠵᠢᠯᠯᠠᠬᠤ ᠳᠦᠷᠢᠮᠵᠢᠯ ᠢᠶᠠᠨ ᠴᠢᠩᠳᠠᠯᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠨᠢᠨ ᠳᠡᠭᠡᠷ᠎ᠡ ᠨᠢ ᠦᠢᠯᠡᠴᠢᠯᠡᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠢ ᠨᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠪᠣᠳᠠᠲᠠᠢ ᠠᠷᠭ᠎ᠠ ᠭᠠᠷᠭᠠᠵᠤ᠂ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠨᠡᠩ ᠰᠢᠯᠢᠳᠡᠭ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号