2024 ᠣᠨ ᠤ 3 ᠰᠠᠷ᠎ᠠ ᠶᠢᠨ 11 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/3/12
     ᠼᠦᠢ ᠵᠢᠩ ᠶᠢᠩ᠄ ᠦᠬᠠᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ  ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 3 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ᠂ 2024 ᠣᠨ ᠤ 4 ᠳ᠋ᠣᠭᠡᠷ ᠣᠳᠠᠭᠠᠨ ᠤ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢᠨ ᠬᠦᠢᠴᠡᠳᠭᠡᠯ ᠲᠤᠭ᠎ᠠ ᠶᠢᠨ ᠠᠵᠢᠯᠯᠠᠭᠠᠨ ᠤ ᠬᠢᠨᠠᠨ ᠬᠡᠮᠵᠢᠯᠲᠡ ᠶᠢᠨ ᠪᠠᠶᠢᠳᠠᠯ ᠢ ᠰᠣᠳᠣᠯᠵᠣ᠂ᠨᠡᠶᠢᠭᠡᠮ ᠤᠨ ᠬᠡᠷᠡᠭᠯᠡᠭᠡᠨ ᠤ ᠡᠳ᠋ ᠢ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠬᠡᠮᠵᠢᠶ᠎ᠡ᠂ ︽ᠪᠣᠭᠤᠮᠲᠠ+ ᠥᠷᠥᠴᠡ ᠭᠠᠵᠠᠷ ᠤᠨ ᠠᠵᠤ ᠠᠬᠤᠢ︾ ᠶᠢᠨ ︽ᠮᠣᠩᠭᠤᠯ ᠤᠨ ᠨᠡᠭᠦᠷᠡᠰᠦ ᠶᠢ ᠦᠬᠠᠢ ᠳᠤ ᠣᠷᠣᠭᠤᠯᠬᠤ︾ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ᠂ ᠢᠳᠡᠭᠡᠨ ᠤᠮᠳᠠᠭᠠᠨ ᠤ ᠣᠨᠴᠠᠯᠢᠭᠲᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠰᠤᠳᠤᠯᠪᠠ᠃      ᠵᠢᠶᠠ ᠴᠢᠩ ᠳ᠋ᠦᠩ᠄ ᠦᠬᠠᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 3 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ᠂ 2024 ᠣᠨ ᠤ 4 ᠳ᠋ᠣᠭᠡᠷ ᠣᠳᠠᠭᠠᠨ ᠤ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠲᠧᠯᠸᠢᠰ ᠣᠳᠠᠰᠣᠳᠣ ᠬᠤᠷᠠᠯ ᠳᠤ ᠣᠷᠣᠯᠴᠠᠪᠠ᠃      ᠭᠧᠩ ᠬᠠᠢ ᠵᠢᠶᠦ᠋ᠨ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠰᠤᠳᠤᠯᠪᠡ᠃      ᠭᠦᠸᠧ ᠢ ᠵᠢᠶᠧ᠄ ᠬᠠᠯᠠᠭᠤᠨ ᠳᠤᠯᠠᠭᠠᠨ ᠢᠨᠵᠧᠨᠧᠷᠢᠩ ᠢ ᠨᠠᠶᠢᠳᠠᠪᠤᠷᠢᠵᠢᠭᠤᠯᠤᠨ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠳᠤ ᠣᠷᠣᠯᠴᠠᠪᠡ᠃      ᠸᠠᠩ ᠵᠢᠢ ᠫᠢᠩ᠄ ᠦᠬᠠᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ  ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 3 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ᠂ 2024 ᠣᠨ ᠤ 4 ᠳ᠋ᠣᠭᠡᠷ ᠣᠳᠠᠭᠠᠨ ᠤ ᠬᠤᠳᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠳᠤ ᠣᠷᠣᠯᠴᠠᠪᠡ᠃      ᠵᠠᠩ ᠮᠢᠩ ᠮᠢᠩ᠄ ᠦᠬᠠᠢ ᠨᠠᠭᠤᠷ ᠢ ᠲᠣᠭᠤᠷᠢᠭᠰᠠᠨ ᠣᠷᠣᠨ ᠪᠦᠰᠡ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ ᠢ ᠵᠣᠯᠭᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠤᠰᠤ ᠠᠷᠪᠢᠯᠠᠬᠤ ᠠᠵᠢᠯ᠂ ᠦᠬᠠᠢ ᠨᠠᠭᠤᠷ ᠶᠡᠭᠡ ᠪᠠᠭᠤᠳᠠᠯ ᠢ ᠪᠡᠯᠡᠳᠬᠡᠨ ᠪᠠᠶᠢᠭᠤᠯᠤᠭᠰᠠᠨ ᠪᠠᠶᠢᠳᠠᠯ ᠢ ᠰᠤᠳᠤᠯᠪᠡ᠃      ᠭᠤᠸ ᠪᠥᠸᠧ᠄ ᠦᠬᠠᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 3 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠳᠤ ᠲᠣᠬᠢᠷᠠᠭᠤᠯᠤᠯᠲᠠ ᠬᠢᠵᠦ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠠᠶᠤᠯᠲᠠᠢ ᠬᠢᠮᠢ ᠶᠢᠨ ᠪᠤᠳᠠᠰ ᠪᠠ ᠬᠦᠨᠳᠦ ᠠᠴᠢᠶᠠᠨ ᠤ ᠲᠡᠷᠭᠡᠨ ᠵᠣᠭᠰᠣᠭᠠᠯ ᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠪᠡ᠃      ᠵᠠᠩ ᠸᠧᠢ᠄ ᠪᠦᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠳᠤ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号