3 ᠰᠠᠷ᠎ᠠ ᠶᠢᠨ 14 ᠤ ᠡᠳᠦᠷ᠂ ᠨᠠᠢᠮᠠᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ | ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠳ᠋ᠦᠩ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠶᠢᠨ | ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ | ᠠᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠴᠠᠭᠳᠠᠨ ᠪᠠᠶᠢᠴᠠᠭᠠᠬᠤ ᠠᠵᠢᠯ ᠤᠨ ᠳᠦᠷᠢᠮ︾ ᠤᠨ ᠭᠤᠣᠯ | ᠵᠣᠷᠢᠭ ᠰᠠᠨᠠᠭ᠎ᠠ ᠪᠠ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ | ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠠᠭᠳᠠᠨ | ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠴᠠᠭ | ᠦᠶ᠎ᠡ ᠶᠢᠨ ᠴᠠᠭᠳᠠᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠵᠦ᠂ ᠴᠠᠭᠳᠠᠨ | ᠪᠠᠶᠢᠴᠠᠭᠠᠵᠤ ᠬᠢᠨᠠᠯᠲᠠ ᠲᠠᠯᠪᠢᠬᠤ ᠪᠠᠷ ᠥᠭᠡᠷᠡᠴᠢᠯᠡᠯᠲᠡ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠤᠯᠤᠰ | ᠲᠥᠷᠥ ᠶᠢᠨ ᠬᠢᠨᠠᠯᠲᠠ ᠲᠠᠯᠪᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠵᠤ ᠬᠢᠨᠠᠯᠲᠠ | ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠤ᠂ ᠬᠤᠶᠠᠷ ᠶᠡᠭᠡ ᠶᠠᠪᠤᠳᠠᠯ ᠢ | ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡᠳᠦᠭᠡᠷ ᠭᠠᠷ︾ ᠪᠠ ︽ᠵᠠᠩᠭᠢᠯᠠᠭ᠎ᠠ ᠶᠢᠨ ᠴᠥᠭᠡᠨ | ᠲᠣᠭᠠᠲᠠᠨ︾ ᠢ ᠳᠤᠪᠤᠶᠢᠯᠭᠠᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠳᠤᠪᠤᠶᠢᠯᠭᠠᠵᠤ᠂ | ᠭᠤᠣᠯ ᠡᠭᠦᠷᠭᠡ ᠶᠢᠨ ᠲᠣᠭᠤᠷᠢᠨ ᠳᠤ ᠣᠨᠣᠴᠢᠳᠠᠢ ᠵᠠᠩᠭᠢᠯᠠᠭ᠎ᠠ ᠶᠢ ᠳᠤᠪᠤᠶᠢᠯᠭᠠᠵᠤ᠂ ᠤᠯᠤᠰ ᠲᠦᠷᠦ ᠶᠢᠨ ᠲᠦᠷᠦ ᠶᠢᠨ | ᠪᠣᠳᠣᠯᠭ᠎ᠠ ᠶᠢ ᠡᠵᠡᠮᠳᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠦᠩᠭᠡᠨ ᠲᠠᠯ᠎ᠠ ᠪᠠ | ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠴᠠᠭᠳᠠᠨ ᠪᠠᠶᠢᠴᠠᠭᠠᠬᠤ ᠪᠠᠷ ᠴᠡᠭᠴᠡᠯᠡᠬᠦ ᠶᠢ ᠠᠬᠢᠭᠤᠯᠬᠤ᠂ | ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠵᠠᠰᠠᠯᠲᠠ ᠶᠢ | ᠠᠬᠢᠭᠤᠯᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠪᠠᠨ ᠴᠢᠩᠭᠠᠳᠬᠠᠵᠤ᠂ ᠲᠡᠮᠡᠴᠡᠯ ᠤᠨ | ᠴᠢᠳᠠᠪᠤᠷᠢ ᠪᠠᠨ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠣᠰᠣ | ᠳᠦᠷᠢᠮ ᠢ ᠴᠢᠩᠳᠠᠯᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠥᠪ ᠪᠤᠷᠤᠭᠤ ᠶᠢᠨ ᠡᠮᠦᠨ᠎ᠡ | ᠵᠣᠭᠰᠣᠯᠲᠠ ᠪᠠᠲᠤ᠂ ᠲᠤᠭ ᠲᠡᠮᠳᠡᠭ ᠲᠣᠳᠣᠷᠬᠠᠢ ᠪᠠᠶᠢᠵᠤ᠂ ᠵᠣᠷᠢᠭᠲᠠᠢ ᠪᠠᠷ ᠵᠥᠷᠢᠴᠡᠯ ᠳᠤ ᠰᠢᠭᠤᠳ ᠬᠠᠨᠳᠤᠵᠤ᠂ | ᠵᠣᠷᠢᠭᠲᠠᠢ ᠪᠠᠷ ᠬᠠᠲᠠᠭᠤ ᠲᠠᠢ ᠬᠠᠯᠳᠠᠵᠤ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠪᠠᠷ ᠳᠠᠮᠵᠢᠨ ᠴᠠᠭᠳᠠᠨ | ᠪᠠᠶᠢᠴᠠᠭᠠᠬᠤ ︽ᠬᠠᠲᠠᠭᠤ ᠪᠣᠳᠠᠲᠤ ᠬᠦᠴᠦᠨ︾ ᠢᠶᠠᠨ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠬᠤ ᠠᠵᠢᠯ ᠢᠶᠠᠨ | ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠣᠯᠣᠨ ᠰᠢᠯᠢᠳᠡᠭ ᠠᠮᠵᠢᠯᠲᠠ ᠪᠠᠷ ᠢᠶᠠᠨ ᠪᠦᠬᠦ | ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠬᠦᠬᠦ ᠬᠡᠷᠡᠭᠳᠡᠢ ᠬᠡᠵᠡᠢ᠃ | ᠨᠠᠢᠮᠠᠳᠤᠭᠠᠷ ᠬᠤᠭᠤᠴᠠᠭᠠᠨ ᠤ ᠦᠬᠠᠢ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ | ᠶᠣᠰᠣᠭᠠᠷ᠂ ᠵᠢᠷᠭᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠳᠤ 4 ᠴᠠᠭᠳᠠᠨ ᠪᠠᠶᠢᠴᠠᠭᠠᠬᠤ ᠳᠤᠭᠤᠶᠢᠯᠠᠩ | ᠲᠣᠬᠢᠷᠠᠭᠤᠯᠵᠤ᠂ ᠬᠤᠳᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠤᠳᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠦᠬᠠᠢ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 12 ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ | ᠪᠠᠶᠢᠴᠠᠭᠠᠯᠲᠠ ᠦᠷᠨᠢᠬᠦᠯᠬᠦ ᠪᠤᠯᠤᠨ᠎ᠠ᠃ |