3 ᠰᠠᠷ᠎ᠠ ᠶᠢᠨ 14 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ 2024 ᠣᠨ ᠤ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 4 ᠳ᠋ᠣᠭᠡᠷ | ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠹᠧᠩ ᠰᠢᠤᠸᠠᠢ ᠲᠤᠸ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠬᠠᠢ | ᠿᠦᠩ᠂ ᠸᠧᠢ ᠠᠢ ᠯᠢᠨ᠂ ᠰᠥᠩ ᠶᠤᠸᠠᠢ ᠰᠢᠶᠠ᠂ ᠿᠧᠨ ᠵᠢᠢ ᠬᠤᠸᠠ ᠪᠣᠯᠣᠨ ᠨᠠᠷᠢᠨ ᠪᠢᠴᠢᠭ ᠤᠨ ᠳᠠᠷᠤᠭ᠎ᠠ ᠲᠢᠶᠠᠨ | ᠵᠤ᠋ ᠵᠢᠶᠦ᠋ᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦ᠋ | ᠶᠢᠩ ᠢ ᠤᠷᠢᠵᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ᠂ | ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠪᠠ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ | ᠭᠡᠰᠢᠭᠦᠳ ᠢ ᠡᠷᠭᠢᠨ ᠦᠵᠡᠬᠦ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠵᠤᠤ ᠯᠧ ᠵᠢᠢ ᠬᠤᠷᠢᠶᠠᠨ ᠳᠠᠷᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠳᠡᠭᠡᠷᠡᠬᠢ ᠶᠠᠷᠢᠶ᠎ᠠ ᠵᠢᠴᠢ | ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠤᠣᠯᠳᠠᠯᠭ᠎ᠠ ᠲᠠᠢ | ᠤᠯᠠᠮᠵᠢᠯᠠᠨ ᠰᠤᠷᠤᠯᠴᠠᠪᠡ᠃ ᠬᠤᠷᠠᠯ ᠠᠴᠠ ᠲᠤᠬᠠᠢ ᠶᠢᠨ ᠲᠠᠯᠠᠪᠠᠢ ᠳᠤ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠲᠠᠶᠢᠯᠪᠤᠷᠢᠯᠠᠪᠠ᠃ | ᠹᠧᠩ ᠰᠢᠤᠸᠠᠢ ᠲᠤᠸ ᠬᠡᠯᠡᠭᠰᠡᠨ ᠨᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ | ︽ᠬᠤᠶᠠᠷ ᠢ ᠲᠣᠭᠲᠠᠭᠠᠬᠤ︾ ᠶᠢ ᠤᠬᠠᠮᠰᠠᠷ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠨᠠᠩ ᠥᠨᠳᠥᠷ ᠤᠯᠤᠰ ᠲᠥᠷᠥ ᠶᠢᠨ ᠵᠣᠭᠰᠣᠯᠲᠠ᠂ ᠨᠠᠩ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠡᠯ᠎ᠡ ᠵᠦᠢᠯ ᠤᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ︔ ᠬᠤᠶᠠᠷ ᠶᠡᠭᠡ ᠶᠠᠪᠤᠳᠠᠯ ᠪᠣᠯᠣᠨ | ᠰᠢᠨ᠎ᠡ ᠵᠠᠮ ᠢᠶᠠᠷ ᠵᠠᠮᠨᠠᠬᠤ᠂ ᠳᠤᠮᠳᠠ ᠲᠦᠪᠰᠢᠨ ᠳᠤ ᠣᠷᠣᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢᠵᠢᠯ ᠤᠨ ᠪᠠᠲᠤᠯᠠᠭ᠎ᠠ ᠬᠠᠩᠭᠠᠬᠤ᠂ ᠬᠢᠨᠠᠯᠲᠠ ᠲᠠᠯᠪᠢᠵᠤ ᠠᠬᠢᠭᠤᠯᠬᠤ᠂ | ᠲᠣᠭᠲᠠᠭᠠᠯ ᠢᠶᠠᠷ ᠲᠤᠯᠭᠠᠭᠤᠷᠢᠯᠠᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ | ᠴᠢᠩᠭᠠᠳᠬᠠᠵᠤ᠂ ᠭᠤᠣᠯᠳᠠᠯᠭ᠎ᠠ ᠶᠢᠨ ᠪᠠᠶᠢᠭ᠎ᠠ ᠭᠠᠵᠠᠷ᠂ ᠶᠡᠭᠡ ᠲᠠᠯ᠎ᠠ ᠶᠢᠨ ᠬᠡᠷᠡᠭᠴᠡᠭᠡ᠂ ᠣᠯᠠᠨ ᠲᠦᠮᠡᠨ ᠤ ᠬᠦᠰᠡᠯ | ᠡᠷᠡᠮᠡᠯᠵᠡᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠢ | ᠨᠢᠭᠲᠠ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠳᠠᠲᠠᠢ ᠠᠵᠢᠯᠯᠠᠬᠤ | ᠬᠠᠷᠢᠭᠤᠴᠠᠯᠭ᠎ᠠ ᠪᠠᠷ ᠮᠠᠨ ᠤ ᠬᠤᠲᠠ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠳᠡᠮᠵᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠳᠡᠢ︔ ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠪᠠᠨ ᠦᠷᠭᠦᠯᠵᠢᠯᠡᠨ | ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠳᠦᠷᠢᠮ ᠢᠶᠠᠨ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠶᠠᠪᠤᠴᠠ | ᠪᠠᠨ ᠨᠠᠷᠢᠯᠢᠭᠵᠢᠭᠤᠯᠵᠤ᠂ ︽ᠲᠤᠰᠬᠠᠢ ᠠᠵᠢᠯ ᠤᠨ ᠵᠥᠪᠯᠡᠯ ᠤᠨ ᠠᠵᠢᠯ ᠤᠨ ᠶᠠᠰᠤ ᠴᠢᠨᠠᠷ ᠦᠷ᠎ᠡ ᠠᠰᠢᠭ ᠢᠶᠠᠨ | ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠬᠢᠨ ᠳᠡᠭᠡᠭᠰᠢᠯᠡᠭᠦᠯᠬᠦ᠂ ᠠᠵᠢᠯ ᠤᠨ | ᠶᠠᠰᠤ ᠴᠢᠨᠠᠷ ᠦᠷ᠎ᠡ ᠠᠰᠢᠭ ᠢᠶᠠᠨ ᠲᠠᠬᠢᠨ ᠳᠡᠭᠡᠭᠰᠢᠯᠡᠭᠦᠯᠬᠦ᠂ ᠠᠵᠢᠯ ᠤᠨ ᠰᠤᠷᠲᠠᠯ ᠢᠶᠠᠨ ᠲᠠᠬᠢᠨ ᠬᠤᠪᠢᠷᠠᠭᠤᠯᠬᠤ ᠶᠢ | ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠭᠰᠠᠨ ᠦᠬᠠᠢ ᠶᠢᠨ ᠦᠢᠯᠡᠳᠦᠯᠭᠡ ᠶᠢᠨ ᠰᠢᠨ᠎ᠡ ᠳᠦᠷᠰᠦ | ᠪᠠᠶᠢᠳᠠᠯ ᠢ ᠢᠯᠡᠷᠡᠭᠦᠯᠵᠦ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ |