2024 ᠣᠨ ᠤ 3 ᠰᠠᠷ᠎ᠠ ᠶᠢᠨ 14 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/3/15
     ᠼᠦᠢ ᠵᠢᠩ ᠶᠢᠩ᠄ ᠦᠬᠠᠢ ᠬᠤᠳᠠ ᠶᠢᠨ ᠬᠠᠳᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ 2024 ᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠤᠨ ᠬᠠᠪᠤᠷ ᠤᠨ ᠤᠯᠠᠷᠢᠯ ᠤᠨ ᠠᠵᠢᠯ ᠡᠬᠢᠯᠡᠬᠦ ᠵᠢᠴᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠯᠤᠭ᠎ᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃      ᠵᠢᠶᠠ ᠴᠢᠩ ᠳ᠋ᠦᠩ᠄ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠢᠩᠬᠢᠮ ᠲᠣᠪᠴᠢᠶ᠎ᠠ ᠳᠤ ᠬᠦᠷᠴᠦ ᠠᠵᠢᠯ ᠵᠣᠯᠭᠠᠭᠤᠯᠪᠡ᠃      ᠭᠧᠩ ᠬᠠᠢ ᠵᠢᠶᠦ᠋ᠨ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠰᠤᠳᠤᠯᠪᠡ᠃      ᠭᠦᠸᠧ ᠢ ᠵᠢᠶᠧ᠄ ᠬᠠᠯᠠᠭᠤᠨ ᠳᠤᠯᠠᠭᠠᠨ ᠢᠨᠵᠧᠨᠧᠷᠢᠩ ᠢ ᠨᠠᠶᠢᠳᠠᠪᠤᠷᠢᠵᠢᠭᠤᠯᠤᠨ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠳᠤ ᠣᠷᠣᠯᠴᠠᠪᠡ᠃      ᠸᠠᠩ ᠵᠢᠢ ᠫᠢᠩ᠄ ᠦᠬᠠᠢ ᠬᠤᠲᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠲᠣᠭᠲᠠᠴᠠ ᠶᠢᠨ 2024 ᠣᠨ ᠤ ᠬᠤᠶᠠᠳᠤᠭᠠᠷ ᠤᠳᠠᠭᠠᠨ ᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠲᠣᠬᠢᠷᠠᠭᠤᠯᠤᠯᠲᠠ ᠵᠢᠴᠢ ᠲᠤᠰᠬᠠᠢ ᠰᠡᠳᠦᠪᠲᠦ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠡ᠃      ᠵᠠᠩ ᠮᠢᠩ ᠮᠢᠩ᠄ ᠦᠬᠠᠢ ᠬᠤᠳᠠ ᠶᠢᠨ ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ ᠥᠪ ᠢ ᠬᠠᠮᠠᠭᠠᠯᠠᠵᠤ ᠣᠯᠠᠮᠵᠢᠯᠠᠨ ᠵᠠᠯᠭᠠᠮᠵᠢᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠭᠠᠳᠠᠭᠰᠢ ᠭᠠᠷᠴᠦ ᠰᠥᠨᠢ ᠶᠢᠨ ᠠᠵᠤ ᠠᠬᠤᠢ ᠶᠢᠨ ᠲᠦᠷᠦᠯ ᠵᠦᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ᠃      ᠭᠤᠸ ᠪᠥᠸᠧ᠄ ᠦᠬᠠᠢ ᠬᠤᠲᠠ ᠶᠢᠨ ᠦᠢᠯᠡᠳᠬᠦ ᠦᠢᠯᠡᠰ ᠤᠨ ᠲᠣᠭᠠᠴᠢᠯᠠᠭᠰᠠᠨ ᠮᠠᠶ᠋ᠢᠭ ᠢᠶᠠᠷ ᠬᠡᠯᠪᠡᠷᠢ ᠪᠠᠨ ᠬᠤᠪᠢᠷᠠᠭᠤᠯᠬᠤ ᠡᠬᠢᠯᠡᠯᠲᠡ ᠶᠢᠨ ᠬᠤᠷᠠᠯ ᠳᠤ ᠣᠷᠣᠯᠴᠠᠵᠤ᠂ ᠦᠬᠠᠢ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠤᠯᠤᠰ ᠤᠨ ᠬᠤᠯᠪᠣᠭᠳᠠᠯ ᠪᠦᠬᠦᠢ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠵᠠᠩ ᠸᠧᠢ᠄ ᠣᠶᠤᠨᠲᠤ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号