ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦ᠋ ᠶᠢᠩ ᠬᠠᠶᠢᠨᠠᠨ ᠲᠣᠭᠤᠷᠢᠭ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 15 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠦᠬᠠᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠦ᠋ ᠶᠢᠩ ᠬᠠᠶᠢᠨᠠᠨ ᠲᠣᠭᠤᠷᠢᠭ ᠲᠤ ᠬᠦᠷᠴᠦ᠂ ᠬᠠᠶᠢᠨᠠᠨ ᠲᠣᠭᠤᠷᠢᠭ ᠤᠨ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      ᠲᠤᠰ ᠣᠳᠠᠭ᠎ᠠ ︽ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠥ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠤᠶ᠎ᠠ︾ ᠭᠡᠬᠦ ᠭᠤᠣᠯ ᠰᠡᠳᠦᠪ ᠢᠶᠠᠷ ᠤᠬᠠᠭᠤᠯᠤᠨ ᠲᠠᠶᠢᠯᠪᠤᠷᠢᠯᠠᠵᠤ᠂ ᠦ᠋ ᠶᠢᠩ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠥᠪᠡᠷ ᠤᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠬᠤᠷᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠲᠦᠮᠡᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠪᠣᠯᠣᠨ ᠬᠠᠷᠢᠭᠤᠴᠠᠯᠭ᠎ᠠ ᠶᠢ ᠲᠠᠨᠢᠯᠴᠠᠭᠤᠯᠵᠤ᠂ ᠲᠤᠬᠠᠢ ᠶᠢᠨ ᠲᠠᠯᠠᠪᠠᠢ ᠳᠤ ᠴᠢᠩᠭ᠎ᠠ ᠲᠤᠰᠬᠠᠯ ᠭᠠᠷᠭᠠᠪᠠ᠃ ᠦ᠋ ᠶᠢᠩ ᠤᠬᠠᠭᠤᠯᠤᠨ ᠲᠠᠶᠢᠯᠪᠤᠷᠢᠯᠠᠬᠤ ᠳᠠᠭᠠᠨ ᠬᠡᠯᠡᠭᠰᠡᠨ ᠨᠢ᠂ ᠲᠡᠭᠦᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠳᠤᠷᠠᠳᠤᠭᠰᠠᠨ ᠰᠠᠨᠠᠭᠤᠯᠭ᠎ᠠ ᠨᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠵᠥᠪᠰᠢᠶᠡᠷᠡᠯ ᠢ ᠣᠯᠪᠠ ᠭᠡᠵᠡᠢ᠃      ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠰᠢ ᠯᠠᠢ ᠹᠧᠩ ᠬᠤᠪᠢᠶᠠᠷᠢ ᠺᠣᠮᠫᠠᠨᠢ ᠶᠢᠨ ᠠᠵᠢᠯᠲᠠᠨ ᠺᠠᠩ ᠺᠠᠢ᠄ ︽ᠦ᠋ ᠶᠢᠩ ᠲᠥᠯᠥᠭᠡᠯᠡᠭᠴᠢ ᠶᠢᠨ ᠤᠬᠠᠭᠤᠯᠤᠨ ᠲᠠᠶᠢᠯᠪᠤᠷᠢᠯᠠᠭᠰᠠᠨ  ᠨᠢ ᠤᠯᠠᠨ ᠲᠦᠮᠡᠨ ᠤ ᠰᠡᠳᠬᠢᠯ ᠢ ᠣᠯᠵᠤ᠂ ᠮᠠᠰᠢ ᠤᠯᠠᠨ ᠰᠠᠶᠢᠨ ᠴᠢᠮᠡᠭᠡ ᠶᠢ ᠠᠪᠴᠢᠷᠠᠭᠰᠠᠨ ᠳᠤ ᠪᠢ ᠶᠡᠬᠡᠳᠡ ᠵᠣᠷᠢᠭᠵᠢᠵᠤ᠂ ᠦᠢᠯᠡᠳᠪᠦᠷᠢᠯᠡᠯ ᠤᠨ ᠡᠮᠦᠨ᠎ᠡ ᠹᠷᠣᠨᠲ ᠤᠨ ᠠᠵᠢᠯᠴᠢᠨ ᠪᠣᠯᠤᠭᠰᠠᠨ ᠤ ᠬᠤᠪᠢ ᠳᠤ᠂ ᠪᠢ ᠲᠤᠰ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠵᠣᠷᠢᠭᠲᠠᠢ ᠪᠠᠷ ᠲᠡᠮᠡᠴᠡᠵᠦ᠂ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号