ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠤᠪᠴᠢᠶᠠᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠲᠤᠰᠬᠠᠢ ᠪᠠᠭ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 14 ᠠᠴᠠ 15 ᠤ ᠡᠳᠦᠷ ᠪᠣᠯᠲᠠᠯ᠎ᠠ᠂ ᠤᠯᠤᠰ ᠤᠨ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶᠠᠨ ᠤ ᠥᠪᠥᠷ ᠮᠣᠩᠭᠤᠯ ᠤᠨ ᠲᠤᠰᠬᠠᠢ ᠲᠤᠰᠢᠶᠠᠯᠲᠠᠨ ᠤ ᠠᠯᠪᠠᠨ ᠭᠡᠷ ᠤᠨ ᠲᠤᠰᠬᠠᠢ ᠲᠤᠰᠢᠶᠠᠯᠲᠠᠨ ᠯᠢ ᠶᠠᠨ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠬᠤᠳᠠ ᠳᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶᠠᠨ ᠤ ᠳᠡᠳ᠋ ᠳᠠᠷᠤᠭ᠎ᠠ ᠮᠠ ᠴᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠭᠤᠸ ᠪᠥᠸᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠳᠠ ᠲᠣᠭᠤᠷᠢᠭ ᠤᠨ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠣᠭᠤᠷᠢᠭ᠂ ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷᠢ ᠠᠭᠤᠯᠠᠨ ᠤ ᠬᠤᠶᠠᠳᠤᠭᠠᠷ ᠬᠤᠭᠤᠴᠠᠭᠠᠨ ᠤ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠣᠭᠤᠷᠢᠭ᠂ ᠬᠠᠶᠢᠷᠤᠪ ᠤᠨ ᠲᠣᠬᠤᠢ ᠲᠣᠭᠤᠷᠢᠭ ᠤᠨ ᠠᠯᠳᠠᠨ ᠰᠢᠷᠭᠠᠯ ᠡᠯᠡᠰᠦᠨ ᠲᠤᠬᠤᠢ ᠶᠢᠨ ᠡᠯᠡᠰᠦᠨ ᠴᠦᠯ ᠤᠨ ᠬᠢᠯᠢ ᠶᠢ ᠪᠢᠲᠡᠭᠦᠮᠵᠢᠯᠡᠬᠦ ᠲᠦᠷᠦᠯ ᠵᠦᠢᠯ ᠤᠨ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠶᠠᠷᠢᠯᠴᠠᠬᠤ ᠬᠤᠷᠠᠯ ᠳᠡᠭᠡᠷ᠎ᠡ᠂ ᠮᠠᠨ ᠤ ᠬᠤᠲᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠤᠯᠪᠤᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠤᠭᠰᠠᠨ ᠪᠥᠭᠡᠳ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠳᠤᠨ ᠭᠤᠣᠯ ᠤᠨ ︽︿几﹀ ᠦᠰᠦᠭᠲᠤ ᠲᠤᠬᠤᠢ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠨ ᠭᠦᠨᠵᠡᠭᠡᠢ ᠲᠦᠯᠬᠢᠨ ᠠᠬᠢᠭᠤᠯᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠵᠦ ᠲᠥᠯᠥᠪᠯᠡᠭᠡ ᠪᠠᠨ ᠰᠠᠶᠢᠲᠤᠷ ᠬᠢᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ᠂ ᠬᠦᠴᠦᠨ ᠵᠦᠢᠯ ᠤᠨ ᠪᠠᠲᠤᠯᠠᠭ᠎ᠠ᠂ ᠶᠡᠷᠦᠩᠬᠡᠶᠢᠯᠡᠨ ᠵᠠᠰᠠᠬᠤ ᠪᠠ ᠦᠷ᠎ᠡ ᠪᠦᠲᠦᠭᠡᠯ ᠢᠶᠠᠨ ᠪᠠᠬᠢᠵᠢᠭᠦᠯᠬᠦ ᠵᠡᠷᠭᠡ ᠬᠠᠷᠠᠯᠲᠠᠲᠤ ᠡᠭᠦᠷᠭᠡ ᠪᠠᠨ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠭᠤᠷᠬᠠᠢ ᠶᠢ ᠵᠠᠰᠠᠬᠤ᠂ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠳᠤ ᠬᠡᠷᠡᠭᠯᠡᠬᠦ ᠤᠰᠤ ᠵᠢᠴᠢ ᠢᠨᠵᠧᠨᠧᠷᠢᠩ ᠳᠤ ᠬᠡᠷᠡᠭᠰᠡᠬᠦ ᠦᠷ᠎ᠡ ᠪᠠ ᠵᠤᠯᠵᠠᠭ᠎ᠠ ᠮᠣᠳᠣᠨ ᠤ ᠬᠠᠩᠭᠠᠯᠭ᠎ᠠ ᠵᠡᠷᠭᠡ ᠡᠯ᠎ᠡ ᠵᠦᠢᠯ ᠤᠨ ᠠᠵᠢᠯ ᠢᠶᠠᠨ ᠪᠥᠬᠦ ᠲᠠᠯ᠎ᠠ ᠪᠠᠷ ᠰᠠᠶᠢᠲᠤᠷ ᠲᠥᠯᠥᠪᠵᠢᠭᠦᠯᠬᠦ ᠬᠡᠷᠡᠭᠲᠡᠢ᠃ ᠮᠡᠳᠡᠭᠡ ᠵᠠᠩᠭᠢ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠨ ᠳ᠋ᠦᠩᠨᠡᠨ ᠳᠡᠯᠭᠡᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨᠴᠢᠯᠠᠯᠲᠠ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号