ᠼᠦᠢ ᠵᠢᠩ ᠶᠢᠩ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠪᠠ BDO ᠠᠵᠤ ᠦᠢᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ ᠲᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠪᠠ BDO ᠠᠵᠤ ᠦᠢᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠣᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠢ ᠵᠢᠶᠦ᠋ᠨ᠂ ᠬᠤᠲᠠ ᠶᠢᠨ ᠳᠡᠳ᠋ ᠳᠠᠷᠤᠭ᠎ᠠ ᠭᠤᠸ ᠪᠥᠸᠧ ᠣᠷᠣᠯᠴᠠᠪᠡ᠃

     ᠼᠦᠢ ᠵᠢᠩ ᠶᠢᠩ ᠨᠠᠷ ᠤᠷᠢᠳ ᠬᠤᠵᠢᠳ ᠶᠢᠨ ᠺᠧ ᠹᠠ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂

ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ

ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠤᠷᠠᠨ ᠲᠠᠷᠬᠠᠯᠠᠯ ᠤᠨ ᠶᠠᠪᠤᠴᠠ᠂ ᠲᠦᠷᠦᠯ ᠵᠦᠢᠯ ᠤᠨ ᠠᠬᠢᠴᠠ ᠵᠢᠴᠢ

BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠤᠷᠰᠢᠯᠲᠠ ᠶᠢᠨ ᠰᠠᠭᠤᠷᠢᠨ ᠭᠠᠵᠠᠷ᠂

ᠠᠯᠪᠠᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃

     ᠶᠠᠷᠢᠯᠴᠠᠬᠤ ᠬᠤᠷᠠᠯ ᠳᠡᠭᠡᠷ᠎ᠡ᠂ ᠼᠦᠢ ᠵᠢᠩ ᠶᠢᠩ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ

ᠰᠢᠪᠲᠤᠯᠬᠤ︾ ᠢᠨᠵᠧᠨᠧᠷᠢᠩ ᠤᠨ ᠠᠵᠢᠯ᠂ BDO ᠠᠵᠤ ᠦᠢᠯᠡᠰ ᠤᠨ ᠬᠥᠭᠵᠢᠯᠲᠡ᠂ BDO ᠠᠵᠤ ᠦᠢᠯᠡᠰ ᠤᠨ

ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠬᠠᠷᠢᠭᠤ

ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠵᠢᠴᠢ

ᠠᠵᠤ ᠠᠬᠤᠶᠢᠯᠠᠯ ᠲᠠᠢ BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ

ᠭᠦᠨᠵᠡᠭᠡᠢ ᠰᠣᠯᠢᠯᠴᠠᠪᠠ᠃ ᠲᠡᠷᠡ ᠬᠡᠯᠡᠭᠰᠡᠨ ᠨᠢ᠂ ᠦᠬᠠᠢ ᠶᠢᠨ BDO ᠠᠵᠤ ᠦᠢᠯᠡᠰ ᠢ ᠬᠥᠭᠵᠢᠭᠦᠯᠬᠦ ᠳᠤ

ᠤᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ᠂ ᠦᠢᠯᠡᠳᠪᠦᠷᠢᠯᠡᠯ ᠤᠨ ᠴᠢᠳᠠᠪᠤᠷᠢ ᠶᠢᠨ ᠳᠠᠪᠠᠭᠤᠯᠢᠭ᠂

ᠲᠦᠷᠦ ᠶᠢᠨ ᠪᠣᠳᠣᠯᠭ᠎ᠠ ᠶᠢᠨ ᠳᠠᠪᠠᠭᠤᠯᠢᠭ᠂ ᠣᠷᠴᠢᠨ ᠲᠣᠭᠤᠷᠢᠨ ᠤ ᠳᠠᠪᠠᠭᠤᠯᠢᠭ ᠲᠠᠢ᠃ ᠡᠯ᠎ᠡ ᠲᠣᠭᠤᠷᠢᠭ᠂ ᠡᠯ᠎ᠡ

ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ

ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ

ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ

ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ

ᠡᠨᠧᠷᠭᠢ ᠣᠯᠭᠤᠵᠤ BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ

ᠠᠬᠢᠭᠤᠯᠵᠤ᠂ ᠪᠠᠶᠢᠭᠤᠯᠤᠮᠵᠢ ᠲᠣᠭᠲᠠᠴᠠ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠰᠤᠳᠤᠯᠭᠠᠨ ᠤ ᠴᠢᠭᠯᠡᠯ

 ᠢᠶᠠᠨ ᠣᠨᠣᠪᠴᠢᠲᠠᠶ ᠲᠣᠭᠲᠠᠭᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ

ᠪᠣᠳᠠᠲᠤ ᠴᠣᠭᠴᠠ ᠶᠢᠨ ᠠᠵᠢᠯᠯᠠᠭᠠᠨ ᠢᠶᠠᠨ ᠲᠦᠷᠭᠡᠳᠬᠡᠨ ᠠᠬᠢᠭᠤᠯᠵᠤ᠂ BDO ᠦᠢᠯᠡᠳᠬᠦᠨ ᠤ ᠠᠷᠠᠯᠵᠢᠶᠠᠨ ᠤ

ᠲᠠᠪᠴᠠᠩ᠂ ᠪᠠᠷᠢᠮᠵᠢᠶᠠᠲᠤ ᠰᠤᠳᠤᠯᠭᠠᠨ ᠤ ᠲᠥᠪ᠂ ᠶᠠᠰᠤ ᠴᠢᠨᠠᠷ ᠪᠠᠶᠢᠴᠠᠭᠠᠨ ᠰᠢᠯᠭᠠᠬᠤ ᠲᠥᠪ ᠤᠨ ᠪᠦᠲᠦᠭᠡᠨ

ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠴᠢᠳᠠᠪᠤᠷᠢᠲᠠᠨ ᠤ ᠲᠤᠯᠭᠠᠭᠤᠷᠢᠯᠠᠯ ᠪᠠ ᠪᠡᠯᠡ ᠮᠥᠩᠭᠦ ᠶᠢᠨ ᠪᠠᠲᠤᠯᠠᠭ᠎ᠠ

 ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂

ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ

ᠬᠥᠭᠵᠢᠭᠦᠯᠵᠦ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠳᠤ

ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠳᠡᠢ᠃ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠮᠥᠩᠭᠦᠨ

ᠭᠦᠢᠯᠭᠡᠭᠡ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠭᠠᠵᠠᠷ ᠰᠢᠷᠣᠢ᠂

ᠡᠨᠧᠷᠭᠢ ᠶᠢᠨ ᠬᠤᠷᠣᠭᠳᠠᠯ ᠵᠡᠷᠭᠡ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ

ᠥᠪᠡᠷ ᠤᠨ ᠦᠷᠳᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠬᠠᠪᠰᠤᠷᠴᠤ᠂ ᠠᠵᠤ

ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ᠃ ᠬᠡᠯᠬᠢᠶ᠎ᠡ ᠪᠠᠨ ᠣᠷᠳᠣᠳᠬᠠᠬᠤ ᠬᠡᠯᠬᠢᠶ᠎ᠡ

ᠪᠡᠨ‌ᠨᠥ᠋ᠬᠦᠪᠦᠷᠢᠯᠡᠬᠦ ᠬᠡᠯᠬᠢᠶ᠎ᠡ ᠪᠠᠨ ᠴᠢᠩᠭᠠᠳᠬᠠᠬᠤ ᠶᠢᠨ ᠲᠣᠭᠤᠷᠢᠨ ᠳᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ

ᠤᠷᠢᠬᠤ ᠶᠢ ᠳᠣᠪᠤᠶᠢᠯᠭᠠᠵᠤ᠂ ᠨᠢᠭᠡ ᠪᠦᠯᠦᠭ ᠢᠵᠢ ᠪᠦᠷᠢᠳᠦᠭᠰᠡᠨ ᠦᠢᠯᠡᠳᠪᠦᠷᠢᠯᠡᠯ ᠤᠨ ᠠᠵᠤ ᠠᠬᠤᠶᠢᠯᠠᠯ ᠢ

ᠬᠦᠴᠦᠯᠡᠨ ᠣᠷᠣᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠦᠨ᠂

BDO ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃

ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ︽ᠭᠠᠭᠴᠠᠭᠠᠷ ᠢᠶᠠᠨ ᠲᠡᠮᠡᠴᠡᠵᠦ︾ ᠪᠠᠶᠢᠭᠰᠠᠨ ᠠᠴᠠ ᠨᠢ

︽ᠪᠥᠭᠡᠮᠨᠡᠷᠡᠨ ᠬᠥᠭᠵᠢᠬᠦ︾ ᠲᠡᠶᠢᠰᠢ ᠬᠤᠪᠢᠷᠠᠭᠤᠯᠵᠤ᠂ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ

ᠦᠢᠯᠡᠰ ᠤᠨ ᠬᠠᠮᠵᠢᠯᠴᠠᠨ ᠬᠥᠭᠵᠢᠬᠦ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ

ᠢᠲᠡᠭᠡᠯ ᠵᠣᠷᠢᠭ ᠢᠶᠠᠨ ᠪᠠᠲᠤᠳᠬᠠᠵᠤ᠂ ᠠᠰᠢᠭᠲᠠᠢ ᠪᠠᠶᠢᠳᠠᠯ ᠢ ᠠᠮᠵᠢᠨ ᠴᠢᠷᠮᠠᠶᠢᠨ ᠤᠷᠤᠭᠰᠢᠯᠠᠵᠤ᠂ ᠲᠦᠷᠦᠯ

ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠲᠦᠷᠭᠡᠨ ᠠᠬᠢᠭᠤᠯᠵᠤ᠂

ᠦᠢᠯᠡᠳᠬᠦᠨ ᠤ ᠳᠠᠪᠠᠭᠤᠯᠢᠭ ᠢᠶᠠᠨ ᠵᠠᠬ᠎ᠠ ᠳᠡᠯᠭᠡᠭᠦᠷ ᠤᠨ ᠦᠭᠡ ᠬᠡᠯᠡᠬᠦ ᠡᠷᠬᠡ᠂ ᠠᠷᠠᠯᠵᠢᠶᠠᠨ ᠤ ᠡᠷᠬᠡ ᠪᠣᠯᠣᠨ

ᠪᠠᠷᠢᠮᠵᠢᠶ᠎ᠠ ᠶᠢᠨ ᠡᠷᠬᠡ ᠪᠣᠯᠭᠠᠨ ᠬᠤᠪᠢᠷᠠᠭᠤᠯᠵᠤ᠂ ᠭᠤᠣᠯᠯᠠᠭᠴᠢ ᠥᠷᠢᠰᠦᠯᠳᠦᠬᠦ ᠬᠦᠴᠦᠨ ᠢᠶᠠᠨ ᠦᠨᠡᠨᠬᠦ

ᠴᠢᠩᠭᠠᠳᠬᠠᠬᠤ ᠬᠡᠷᠡᠭᠲᠡᠢ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号