ᠲᠠᠩ ᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/18
     3 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ ᠣᠷᠣᠯᠴᠠᠪᠡ᠃

     ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠦᠬᠠᠢ ᠶᠢᠨ ᠬᠡᠲᠦ ᠥᠨᠳᠥᠷ ᠬᠦᠴᠦᠳᠡᠯᠲᠦ

ᠴᠠᠬᠢᠯᠭᠠᠨ ᠬᠠᠩᠭᠠᠬᠤ ᠺᠣᠮᠫᠠᠨᠢ ᠨᠢ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ 500 ᠺᠢᠯᠣᠸᠠᠲ ᠤᠨ

ᠴᠠᠬᠢᠯᠭᠠᠨ ᠲᠣᠣᠷ ᠤᠨ ᠠᠵᠢᠯᠯᠠᠭᠠᠨ᠂ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ ᠴᠡᠪᠡᠷ ᠡᠨᠧᠷᠭᠢ ᠶᠢ ᠣᠷᠣᠨ

ᠪᠦᠰᠡ ᠠᠯᠤᠰᠯᠠᠨ ᠴᠤᠭᠯᠠᠭᠤᠯᠤᠨ ᠭᠠᠳᠠᠭᠰᠢ ᠬᠦᠷᠭᠡᠬᠦ ᠡᠭᠦᠷᠭᠡ ᠶᠢ ᠡᠭᠦᠷᠭᠡᠯᠡᠵᠦ ᠪᠠᠶᠢᠳᠠᠭ᠃ ᠲᠠᠩ ᠢ ᠦᠬᠠᠢ ᠶᠢᠨ

ᠬᠡᠳᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠳᠤ ᠬᠦᠷᠴᠦ᠂ ᠣᠷᠣᠨ ᠪᠦᠰᠡ ᠶᠢᠨ ᠴᠠᠬᠢᠯᠭᠠᠨ

ᠲᠣᠣᠷ ᠤᠨ ᠠᠵᠢᠯᠯᠠᠭ᠎ᠠ᠂ ᠴᠠᠬᠢᠯᠭᠠᠨ ᠬᠡᠷᠡᠭᠯᠡᠯᠳᠡ ᠶᠢᠨ ᠲᠠᠭᠠᠭᠠᠴᠠ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ᠂

︽ᠠᠯᠠᠱᠠ ᠶᠢᠨ ᠴᠠᠬᠢᠯᠭᠠᠨ ᠢ ᠦᠬᠠᠢ ᠳᠤ ᠣᠷᠣᠭᠤᠯᠬᠤ︾ ᠵᠡᠷᠭᠡ ᠴᠠᠬᠢᠯᠭᠠᠨ ᠬᠦᠴᠦᠨ ᠤ ᠲᠦᠷᠦᠯ ᠵᠦᠢᠯ ᠤᠨ

ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂

ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠤ ᠴᠢᠩᠭ᠎ᠠ ᠬᠦᠴᠦᠲᠡᠢ ᠴᠠᠬᠢᠯᠭᠠᠨ ᠲᠣᠣᠷ ᠤᠨ

ᠰᠢᠰᠲ᠋ᠧᠮ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠦᠬᠠᠢ ᠶᠢᠨ ᠬᠡᠳᠦ ᠥᠨᠳᠥᠷ ᠬᠦᠴᠦᠳᠡᠯᠲᠦ

ᠴᠠᠬᠢᠯᠭᠠᠨ ᠬᠠᠩᠭᠠᠬᠤ ᠺᠣᠮᠫᠠᠨᠢ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ

ᠦᠢᠯᠡᠴᠢᠯᠡᠬᠦ ᠳᠤ ᠰᠠᠭᠤᠷᠢᠯᠠᠨ᠂ ᠴᠠᠬᠢᠯᠭᠠᠨ ᠬᠦᠴᠦᠨ ᠤ ᠡᠬᠢ ᠪᠠᠶᠠᠯᠢᠭ ᠢ ᠲᠣᠬᠢᠷᠠᠭᠤᠯᠬᠤ ᠪᠠ ᠬᠠᠩᠭᠠᠯᠭ᠎ᠠ ᠶᠢ

ᠪᠠᠲᠤᠯᠠᠬᠤ ᠵᠡᠷᠭᠡ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠴᠠᠬᠢᠯᠭᠠᠨ ᠲᠣᠣᠷ ᠤᠨ ᠠᠮᠤᠷ

ᠲᠦᠪᠰᠢᠨ ᠪᠠ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠦᠪᠯᠡᠷᠡᠬᠦᠯᠵᠦ᠂

ᠪᠠᠷᠠᠭᠠᠯᠬᠢᠯᠠᠯ ᠤᠨ ᠴᠢᠨᠠᠷᠲᠠᠢ ᠰᠤᠳᠤᠯᠭᠠᠨ ᠢᠶᠠᠨ ᠴᠢᠩᠭᠠᠳᠬᠠᠵᠤ᠂ ᠴᠠᠬᠢᠯᠭᠠᠨ ᠲᠣᠣᠷ ᠤᠨ ᠲᠥᠯᠦᠪᠵᠢᠭᠦᠯᠭᠡ ᠶᠢᠨ

ᠪᠠᠶᠢᠷᠢᠰᠢᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠪᠦᠲᠦᠭᠡᠨ

ᠪᠠᠶᠢᠭᠤᠯᠤᠯᠲᠠ ᠪᠠᠨ ᠲᠦᠷᠭᠡᠳᠬᠡᠵᠦ᠂ ᠴᠠᠭᠢᠯᠭᠠᠨ ᠤ ᠰᠤᠷᠪᠤᠯᠵᠢ᠂ ᠴᠠᠬᠢᠯᠭᠠᠨ ᠲᠣᠣᠷ᠂ ᠲᠠᠭᠠᠭᠠᠴᠠ᠂ ᠡᠨᠧᠷᠭᠢ

ᠨᠥᠭᠡᠴᠡᠯᠡᠬᠦ ᠶᠢ ᠬᠠᠮᠵᠢᠯᠴᠠᠭᠤᠯᠤᠨ ᠬᠦᠴᠦᠯᠡᠬᠦ ᠶᠢ ᠠᠬᠢᠭᠤᠯᠵᠤ᠂ ︽ᠤᠯᠠᠮᠵᠢᠯᠠᠯᠲᠤ ᠡᠨᠧᠷᠭᠢ+ ᠰᠢᠨ᠎ᠡ ᠡᠨᠧᠷᠭᠢ︾ ᠶᠢ

ᠪᠦᠲᠦᠮᠵᠢᠲᠡᠢ ᠵᠣᠯᠭᠠᠭᠤᠯᠤᠭᠰᠠᠨ᠂ ᠪᠠᠭᠲᠠᠭᠠᠮᠵᠢ ᠲᠠᠢ ᠬᠠᠷᠢᠯᠴᠠᠨ ᠨᠥᠬᠦᠪᠦᠷᠢᠯᠡᠭᠰᠡᠨ ᠣᠶᠤᠨᠲᠤ ᠴᠠᠬᠢᠯᠭᠠᠨ ᠲᠣᠣᠷ ᠤᠨ

ᠰᠢᠰᠲ᠋ᠧᠮ ᠢ ᠪᠠᠶᠢᠭᠤᠯᠵᠤ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠ ᠲᠤᠰ ᠭᠠᠵᠠᠷ ᠤᠨ ᠰᠢᠩᠭᠡᠭᠡᠬᠦ ᠴᠢᠳᠠᠪᠤᠷᠢ

 ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠬᠠᠢ ᠶᠢᠨ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ

ᠭᠠᠵᠠᠷ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ

ᠠᠯᠬᠤᠭ᠎ᠠ ᠪᠠᠨ ᠲᠦᠷᠭᠡᠳᠬᠡᠬᠦ ᠶᠢ ᠬᠦᠰᠡᠵᠦ ᠪᠠᠶᠢᠨ᠎ᠠ ᠭᠡᠵᠡᠢ᠃

     ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠤᠨ ᠮᠠᠰᠢᠨ ᠲᠡᠷᠭᠡ ᠲᠦᠷᠢᠶᠡᠰᠦᠯᠡᠬᠦ

ᠦᠢᠯᠡᠴᠢᠯᠡᠭᠡᠨ ᠤ ᠺᠣᠮᠫᠠᠨᠢ ᠳᠤ᠂ ᠲᠠᠩ ᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂

ᠲᠥᠬᠦᠭᠡᠷᠦᠮᠵᠢ ᠶᠢᠨ ᠡᠵᠡᠩᠨᠡᠯᠲᠡ ᠬᠠᠮᠢᠶᠠᠷᠤᠯᠲᠠ᠂ ᠴᠠᠬᠢᠯᠭᠠᠨ ᠴᠡᠨᠡᠭᠯᠡᠬᠦ ᠲᠤᠭ᠎ᠠ ᠪᠠᠷᠢᠮᠲᠠ ᠶᠢᠨ ᠲᠠᠪᠴᠠᠩ ᠤᠨ

ᠴᠢᠳᠠᠮᠵᠢ ᠵᠢᠴᠢ ᠠᠵᠢᠯᠯᠠᠭᠠᠨ ᠵᠡᠷᠭᠡ ᠪᠠᠶᠢᠳᠠᠯ ᠢ ᠨᠢ ᠨᠠᠷᠢᠨ ᠨᠢᠮᠪᠠᠢ ᠠᠰᠠᠭᠤᠨ ᠯᠠᠪᠯᠠᠪᠡ᠃ ᠲᠡᠷᠡ ᠬᠡᠯᠡᠭᠰᠡᠨ ᠨᠢ᠂

ᠡᠳᠦᠷ ᠲᠤᠲᠤᠮ ᠤᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠪᠠ ᠬᠤᠷᠢᠶᠠᠩᠭᠤᠶᠢᠯᠠᠨ ᠵᠠᠳᠠᠯᠬᠤ ᠠᠵᠢᠯ ᠢᠶᠠᠨ ᠰᠠᠶᠢᠲᠤᠷ

ᠬᠢᠵᠦ᠂ ᠴᠢᠭᠯᠡᠭᠦᠯᠬᠦ ᠴᠢᠨᠠᠷᠲᠠᠢ ᠪᠠᠷ ᠥᠷᠲᠡᠭᠡ ᠴᠢᠭ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠲᠠᠪᠴᠠᠩ ᠤᠨ

ᠴᠢᠳᠠᠮᠵᠢ ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠲᠠᠯᠠᠪᠤᠷ ᠤᠨ ᠴᠠᠬᠢᠯᠭᠠᠨ

ᠴᠡᠨᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠬᠡᠷᠡᠭᠯᠡᠭᠴᠢ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂

ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢᠨ ᠲᠤᠭ᠎ᠠ ᠶᠢ ᠳᠡᠭᠡᠭᠰᠢᠯᠡᠭᠦᠯᠬᠦ

ᠬᠡᠷᠡᠭᠲᠡᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠶᠢ ᠴᠢᠩᠭ᠎ᠠ

ᠳᠠᠭᠠᠵᠤ᠂ ᠮᠠᠰᠢᠨ ᠲᠡᠷᠭᠡᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂

ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠳᠤ

ᠣᠷᠣᠯᠴᠠᠵᠤ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠨ᠂

ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃

     ᠦᠬᠠᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠨᠢᠭᠡᠳᠦᠭᠡᠷ ᠬᠤᠭᠤᠴᠠᠭᠠᠨ ᠤ

ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠤᠰᠤᠨ ᠲᠠᠳᠠᠬᠤ ᠴᠥᠭᠦᠷᠥᠮ᠂ ᠵᠠᠮ ᠬᠠᠷᠢᠯᠴᠠᠭᠠᠨ ᠤ ᠠᠭᠤᠢ᠂

ᠰᠠᠯᠬᠢ ᠨᠡᠪᠲᠡᠷᠡᠬᠦ ᠪᠠ ᠠᠮᠤᠷ ᠲᠦᠪᠰᠢᠨ ᠤ ᠠᠭᠤᠢ ᠵᠡᠷᠭᠡ ᠪᠠᠷᠢᠯᠭ᠎ᠠ ᠶᠢᠨ ᠠᠵᠢᠯ ᠤᠨ ᠪᠠᠶᠢᠳᠠᠯ ᠢ ᠨᠢ ᠪᠠᠶᠢᠴᠠᠭᠠᠨ

ᠦᠵᠡᠭᠰᠡᠨ ᠤ ᠳᠠᠷᠠᠭ᠎ᠠ᠂ ᠲᠠᠩ ᠢ ᠬᠡᠯᠡᠭᠰᠡᠨ ᠨᠢ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢ

ᠪᠠᠶᠢᠭᠤᠯᠵᠤ ᠠᠰᠢᠭᠯᠠᠯᠲᠠ ᠳᠤ ᠣᠷᠣᠭᠤᠯᠬᠤ ᠨᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ

ᠤᠷᠬᠢᠯ ᠢ ᠲᠣᠬᠢᠷᠠᠭᠤᠯᠬᠤ ᠴᠢᠳᠠᠪᠤᠷᠢ ᠪᠠᠨ ᠨᠡᠮᠡᠭᠳᠡᠭᠦᠯᠬᠦ᠂ ᠴᠠᠬᠢᠯᠭᠠᠨ ᠬᠦᠴᠦᠨ ᠤ ᠰᠢᠰᠲ᠋ᠧᠮ ᠤᠨ ᠠᠮᠤᠷ

ᠲᠦᠪᠰᠢᠨ ᠢᠶᠠᠷ ᠠᠵᠢᠯᠯᠠᠬᠤ ᠶᠢ ᠪᠠᠲᠤᠯᠠᠬᠤ᠂ ᠰᠢᠨ᠎ᠡ ᠡᠨᠧᠷᠭᠢ ᠶᠢ ᠨᠠᠶᠢᠳᠠᠪᠤᠷᠢᠲᠠᠢ ᠪᠠᠷ ᠰᠢᠩᠭᠡᠬᠡᠨ ᠠᠪᠬᠤ ᠶᠢ

ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠪᠠᠷᠢᠯᠭ᠎ᠠ ᠳᠤ ᠣᠷᠣᠯᠴᠠᠭᠰᠠᠨ

ᠨᠢᠭᠡᠴᠡ ᠨᠦᠭᠦᠳ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠳᠬᠤᠵᠤ᠂ ᠠᠵᠢᠯᠲᠠᠨ ᠤ ᠬᠦᠴᠦᠨ

 ᠢᠶᠠᠨ ᠰᠠᠶᠢᠲᠤᠷ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠪᠠ ᠶᠠᠰᠤ ᠴᠢᠨᠠᠷ ᠢᠶᠠᠨ ᠪᠠᠲᠤᠯᠠᠭᠰᠠᠨ

ᠤᠷᠢᠲᠠᠯ ᠳᠣᠣᠷ᠎ᠠ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ

ᠴᠢᠩᠭᠠᠷᠠᠭᠤᠯᠤᠨ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠢ ᠡᠷᠲᠡᠬᠡᠨ

ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠯᠪᠤᠭᠳᠠᠯ ᠪᠦᠬᠦᠢ

ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠳᠠᠭᠠᠵᠤ᠂ ᠡᠮᠦᠨ᠎ᠡ ᠨᠢ ᠦᠢᠯᠡᠴᠢᠯᠡᠵᠤ᠂ ᠲᠥᠷᠥᠯ ᠵᠦᠢᠯ ᠤᠨ

ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷᠳᠡᠯ ᠲᠠᠢ ᠠᠰᠠᠭᠤᠳᠠᠯ ᠢ ᠨᠢ ᠴᠠᠭ ᠲᠤᠬᠠᠢ ᠳᠤᠨᠢ

ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃

ᠬᠠᠶᠢᠷᠤᠪ ᠤᠨ ᠲᠤᠬᠤᠢ ᠶᠢᠨ ᠭᠠᠨᠳᠠᠷᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ

ᠲᠦᠷᠦᠯ ᠵᠦᠢᠯ ᠢ ᠰᠠᠶᠢᠲᠤᠷ ᠲᠥᠯᠥᠪᠵᠢᠭᠦᠯᠵᠦ᠂ ᠪᠦᠬᠦ ᠬᠦᠴᠦᠨ ᠢᠶᠠᠷ ᠢᠶᠠᠨ ᠳᠡᠮᠵᠢᠯᠭᠡ ᠣᠯᠬᠤ ᠪᠠᠷ ᠴᠢᠷᠮᠠᠶᠢᠵᠤ᠂

ᠲᠦᠷᠦᠯ ᠵᠦᠢᠯ ᠢ ᠡᠷᠲᠡᠬᠡᠨ ᠤᠯᠤᠰ ᠤᠨ ᠤᠰᠤ ᠲᠠᠲᠠᠵᠤ ᠡᠨᠧᠷᠭᠢ ᠬᠠᠳᠠᠭᠠᠯᠠᠬᠤ ᠳᠤᠮᠳᠠ ᠤᠷᠳᠤ ᠬᠤᠭᠤᠴᠠᠭᠠᠨ ᠤ

ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号