ᠮᠠᠨ ᠤ ᠬᠤᠲᠠ 2024 ᠣᠨ ᠤ ᠳᠡᠭᠡᠷ᠎ᠡ ᠬᠠᠭᠠᠰ ᠵᠢᠯ ᠤᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 15 ᠤ ᠡᠳᠦᠷ᠂ ᠮᠠᠨ ᠤ ᠬᠤᠲᠠ ᠶᠢᠨ ᠲᠦᠷᠦᠭᠦᠸ ᠬᠠᠭᠠᠰ ᠵᠢᠯ ᠤᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠢ ᠦᠳᠡᠨ ᠮᠣᠷᠳᠠᠭᠤᠯᠬᠤ ᠶᠣᠰᠣᠯᠠᠯ ᠦᠬᠠᠢ ᠶᠢᠨ ᠵᠡᠭᠦᠨ ᠥᠷᠲᠡᠭᠡ ︵ᠤᠤᠯ ᠤᠨ ᠦᠬᠠᠢ ᠶᠢᠨ ᠭᠠᠯᠲᠤ ᠲᠡᠷᠭᠡᠨ ᠥᠷᠲᠡᠭᠡ︶ ᠶᠢᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠶ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠢᠰᠰᠠᠷ ᠿᠣᠣ ᠴᠥᠩ ᠱᠣ᠋ ᠶᠤᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠶᠣᠰᠣᠯᠠᠯ ᠳᠡᠭᠡᠷ᠎ᠡ᠂ ᠿᠣᠣ ᠴᠥᠩ ᠱᠣ᠋ ᠴᠡᠷᠢᠭ ᠠᠩᠭᠢ ᠶᠢᠨ ᠠᠮᠢᠳᠤᠷᠠᠯ ᠢᠶᠠᠨ ᠡᠬᠢᠯᠡᠭᠦᠯᠬᠦ ᠪᠠᠷ ᠪᠠᠶᠢᠭ᠎ᠠ ᠴᠡᠷᠢᠭ ᠲᠤ ᠡᠯᠰᠡᠭᠳᠡᠭᠰᠡᠨ ᠵᠠᠯᠠᠭᠤᠴᠤᠳ ᠲᠤ ᠪᠠᠶᠠᠷ ᠬᠦᠷᠭᠡᠪᠡ᠃ ᠲᠡᠷᠡ ᠬᠡᠯᠡᠭᠰᠡᠨ ᠨᠢ᠂ ᠬᠦᠰᠡᠯᠡᠩ ᠲᠠᠢ᠂ ᠰᠣᠶᠣᠯ ᠲᠠᠢ᠂ ᠬᠦᠰᠡᠯ ᠵᠡᠭᠦᠳᠦ ᠲᠠᠢ ᠰᠢᠨ᠎ᠡ ᠨᠢᠭᠡ ᠦᠶ᠎ᠡ ᠶᠢᠨ ᠵᠠᠯᠠᠭᠤᠴᠤᠳ ᠪᠣᠯᠤᠭᠰᠠᠨ ᠤ ᠬᠤᠪᠢ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠯᠤᠰ ᠬᠡᠳᠤ ᠶᠢᠨ ᠬᠦᠰᠡᠯᠡᠩ ᠢ ᠪᠤᠢ ᠪᠣᠯᠭᠠᠵᠤ᠂ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ︽ᠨᠠᠮ ᠤᠨ ᠵᠢᠯᠣᠭᠤᠳᠤᠯᠭ᠎ᠠ ᠶᠢ ᠲᠠᠭᠠᠬᠤ᠂ ᠢᠯᠠᠭᠤᠭᠰᠠᠨ ᠲᠠᠶᠢᠨ ᠬᠢᠵᠦ ᠴᠢᠳᠠᠬᠤ᠂ ᠰᠤᠷᠲᠠᠯ ᠣᠪᠣᠷ ᠰᠢᠯᠢᠳᠡᠭ ᠰᠠᠶᠢᠨ︾ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠢᠶᠠᠨ ᠴᠡᠷᠢᠭ ᠢᠶᠠᠨ ᠬᠦᠴᠦᠷᠬᠡᠭᠵᠢᠭᠦᠯᠬᠦ ᠠᠭᠤᠤ ᠦᠢᠯᠡᠰ ᠲᠤ ᠣᠷᠣᠯᠴᠠᠵᠤ᠂ ᠰᠢᠯᠢᠳᠡᠭ ᠠᠮᠵᠢᠯᠲᠠ ᠪᠠᠷ ᠢᠶᠠᠨ ᠨᠤᠲᠤᠭ ᠤᠨ ᠢᠶᠠᠨ ᠠᠪᠤ ᠡᠵᠢ ᠳᠡᠭᠡᠨ ᠢᠷᠠᠭᠤ ᠠᠯᠳᠠᠷ ᠣᠯᠭᠤᠵᠤ᠂ ᠦᠬᠠᠢ ᠶᠢᠨ ᠠᠷᠠᠳ ᠲᠦᠮᠡᠨ ᠳᠤ ᠬᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ ᠭᠡᠵᠡᠢ᠃      ᠴᠡᠷᠢᠭ ᠲᠤ ᠡᠯᠰᠡᠭᠳᠡᠭᠰᠡᠨ ᠵᠠᠯᠠᠭᠤᠴᠤᠳ ᠢᠯᠡᠷᠭᠡᠶᠢᠯᠡᠵᠡᠭᠡᠭᠰᠡᠨ ᠨᠢ᠂ ᠴᠡᠷᠢᠭ ᠲᠤ ᠡᠯᠰᠡᠭᠳᠡᠵᠦ ᠡᠬᠡ ᠤᠯᠤᠰ ᠲᠠᠭᠠᠨ ᠵᠢᠳᠬᠦᠬᠦ ᠪᠣᠯ ᠬᠠᠯᠠᠭᠤᠨ ᠰᠡᠳᠬᠢᠯᠲᠦ ᠵᠠᠯᠠᠭᠤᠴᠤᠳ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠮᠥᠨ᠂ ᠴᠡᠷᠢᠭ ᠠᠩᠭᠢ ᠳᠤ ᠣᠴᠢᠭᠰᠠᠨ ᠤ ᠳᠠᠷᠠᠭ᠎ᠠ ᠰᠥᠰᠥ ᠵᠣᠷᠢᠭ ᠪᠠ ᠡᠷᠴᠢ ᠬᠦᠴᠦᠨ ᠢᠶᠠᠨ ᠴᠢᠷᠮᠠᠶᠢᠨ ᠪᠣᠯᠪᠠᠰᠤᠷᠠᠭᠤᠯᠵᠤ᠂ ᠥᠪᠡᠷ ᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠬᠡᠬᠦᠳᠡᠭ ᠳᠦᠭᠦᠷᠡᠩ ᠬᠠᠯᠠᠭᠤᠨ ᠴᠢᠰᠤ ᠪᠠᠨ ᠡᠬᠡ ᠤᠯᠤᠰ ᠤᠨ ᠢᠶᠠᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠵᠣᠷᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号