ᠬᠤᠲᠠ ᠶᠢᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ᠂ ︽ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ︾ ᠶᠢ ᠤᠯᠠᠮᠵᠢᠯᠠᠨ ᠰᠤᠷᠤᠯᠴᠠᠵᠤ᠂ ᠡᠯ᠎ᠡ ᠲᠥᠷᠥᠯ ᠤᠨ ᠴᠠᠭᠳᠠᠨ ᠪᠠᠶᠢᠴᠠᠭᠠᠯᠳᠠ᠂ ᠬᠢᠨᠠᠨ ᠪᠠᠶᠢᠴᠠᠭᠠᠯᠳᠠ᠂ ᠬᠢᠨᠠᠨ ᠪᠤᠲᠤᠯᠳᠠ᠂ ᠲᠤᠰᠬᠠᠢ ᠴᠡᠭᠴᠡᠯᠡᠨ ᠵᠠᠰᠠᠯᠳᠠ ᠵᠡᠷᠭᠡ ᠴᠡᠭᠴᠡᠯᠡᠨ ᠰᠠᠶᠢᠵᠢᠷᠠᠭᠤᠯᠬᠤ ᠡᠭᠦᠷᠭᠡ ᠵᠢᠴᠢ ᠥᠪᠡᠷᠲᠡᠭᠡᠨ ᠵᠠᠰᠠᠬᠤ ᠣᠷᠣᠨ ᠤ 2024 ᠣᠨ ᠤ 33 ᠬᠤᠪᠢ ᠪᠠ ᠮᠠᠨ ᠤ ᠬᠤᠲᠠ ᠶᠢᠨ 10 ᠲᠠᠯ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠠᠶᠢᠷᠢᠯᠠᠭᠤᠯᠤᠭᠰᠠᠨ 10 ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠲᠠᠢ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠢᠭᠡᠳ ᠨᠢᠭᠡ ᠪᠠᠷ ᠡᠮᠬᠢᠯᠡᠨ ᠰᠤᠳᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠲᠦᠯᠦᠪᠯᠡᠬᠦ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠤᠯᠤᠰ ᠤᠨ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠪᠣᠯᠣᠨ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠤᠨᠢᠨ ᠳᠡᠭᠡᠷ᠎ᠡ ᠨᠢ ᠵᠣᠯᠭᠠᠭᠤᠯᠵᠤ᠂ ᠢᠳᠡᠪᠬᠢᠲᠡᠢ ᠪᠠᠷ ᠳᠡᠭᠡᠭᠰᠢ ᠣᠯᠣᠯᠴᠠᠵᠤ᠂ ᠲᠦᠷᠦ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠴᠢᠷᠮᠠᠶᠢᠬᠤ ᠬᠡᠷᠡᠭᠲᠡᠢ᠃ ᠲᠣᠬᠢᠷᠠᠭᠤᠯᠵᠤ ᠰᠢᠮᠳᠠᠭᠤᠯᠤᠨ ᠭᠦᠢᠴᠡᠳᠬᠡᠯᠭᠡᠬᠦ ᠪᠠᠨ ᠴᠢᠩᠭᠠᠳᠬᠠᠵᠤ᠂ ᠠᠵᠢᠯ  ᠢᠶᠠᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ︾ ᠳᠤ ᠵᠠᠰᠠᠪᠤᠷᠢ ᠣᠷᠣᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯ᠎ᠡ ᠵᠦᠢᠯ ᠤᠨ ᠲᠣᠭᠲᠠᠭᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠵᠠᠰᠠᠭ ᠤᠨ ᠣᠷᠳᠣᠨ ᠤ ᠠᠵᠢᠯ ᠤᠨ ᠳᠦᠷᠢᠮ ᠢ ᠴᠢᠨᠠᠭᠰᠢᠳᠠ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠥᠨᠳᠥᠷ ᠪᠦᠲᠦᠮᠵᠢᠲᠡᠢ ᠪᠥᠭᠡᠳ ᠵᠢᠷᠤᠮᠵᠢᠯ ᠲᠠᠢ ᠶᠠᠪᠤᠭᠳᠠᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠭᠦᠢᠴᠡᠳᠭᠡᠭᠴᠢ᠂ ᠬᠡᠷᠡᠭᠵᠢᠬᠦᠯᠦᠭᠴᠢ᠂ ᠠᠵᠢᠯᠯᠠᠭᠴᠢ ᠪᠣᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠯᠳᠠ᠂ ᠬᠢᠨᠠᠨ ᠪᠠᠶᠢᠴᠠᠭᠠᠯᠳᠠ ᠵᠡᠷᠭᠡ ᠠᠴᠠ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠩ ᠴᠢᠩᠭ᠎ᠠ ᠱᠠᠭᠠᠷᠳᠠᠯᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠰᠠᠭᠤᠳᠠᠯ ᠢ ᠲᠡᠷᠡ ᠬᠡᠪ ᠢᠶᠠᠷ ᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ 2024 ᠣᠨ ᠤ 33 ᠬᠤᠪᠢ ᠪᠠ ᠮᠠᠨ ᠤ ᠬᠤᠳᠠ ᠶᠢᠨ 10 ᠲᠠᠯ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠬᠤ ᠠᠵᠢᠯ ᠤᠨ ᠠᠬᠢᠴᠠ ᠪᠠᠨ ᠲᠦᠷᠭᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠪᠠᠷ ᠬᠢᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ︽ᠦᠬᠠᠢ ᠬᠤᠳᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︽ᠦᠬᠠᠢ ᠬᠤᠳᠠ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠠᠵᠢᠯ ᠤᠨ ᠲᠥᠰᠥᠯ︾ ︽ᠦᠬᠠᠢ ᠬᠤᠳᠠ ᠶᠢᠨ ᠲᠡᠮᠦᠷ ᠵᠠᠮ ᠤᠨ ᠲᠤᠰᠬᠠᠢ ᠱᠤᠭᠤᠮ ᠤᠨ ᠶᠡᠷᠦᠩᠬᠡᠢ ᠲᠥᠯᠦᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号