ᠪᠦᠬᠦ ᠬᠤᠳᠠ ᠶᠢᠨ ᠵᠠᠭᠤᠴᠢᠯᠠᠭᠤᠷ ᠢ ᠭᠦᠨᠵᠡᠭᠡᠢ ᠠᠭᠤᠰᠤᠯᠴᠠᠭᠤᠯᠤᠨ ᠬᠦᠭᠵᠢᠬᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 19 ᠤ ᠡᠳᠦᠷ᠂ ᠪᠦᠬᠦ ᠬᠤᠳᠠ ᠶᠢᠨ ᠵᠠᠭᠤᠴᠢᠯᠠᠭᠤᠷ ᠢ ᠭᠦᠨᠵᠡᠭᠡᠢ ᠠᠭᠤᠰᠤᠯᠴᠠᠭᠤᠯᠤᠨ ᠬᠦᠭᠵᠢᠬᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠰᠣᠨᠢᠨ ᠮᠡᠳᠡᠭᠡᠨ ᠤ ᠹᠷᠣᠨᠲ ᠤᠨ  ᠬᠢᠨ ᠵᠠᠭᠤᠴᠢᠯᠠᠭᠤᠷ ᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠤᠳᠤᠷᠢᠳᠤᠮᠵᠢ ᠪᠠᠷ ᠰᠦᠭ ᠰᠦᠨᠡᠰᠦ ᠪᠣᠯᠭᠠᠬᠤ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤᠳᠬᠠᠵᠤ᠂ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯ ᠬᠦᠭ ᠠᠶᠠᠰ ᠢ ᠶᠡᠬᠡᠪᠡᠷ ᠴᠤᠤᠷᠢᠶᠠᠲᠤᠭᠤᠯᠵᠤ᠂ ᠴᠠᠭ ᠦᠶ᠎ᠡ ᠶᠢᠨ ᠦᠷ᠎ᠡ ᠠᠰᠢᠭ ᠢ ᠰᠠᠶᠢᠲᠤᠷ ᠡᠵᠡᠮᠳᠡᠵᠦ᠂ ᠭᠤᠣᠯ ᠤᠷᠤᠰᠬᠠᠯ ᠤᠨ ᠦᠷᠳᠡᠭ ᠢ ᠪᠦᠬᠦ ᠬᠦᠴᠦᠨ ᠢᠶᠠᠷ ᠢᠶᠠᠨ ᠨᠢᠭᠲᠠᠷᠠᠭᠤᠯᠬᠤ ᠬᠡᠷᠡᠭᠲᠡᠢ︔ ᠠᠭᠤᠯᠭ᠎ᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠬᠠᠭᠠᠯᠠᠨ ᠲᠥᠰᠥᠪᠯᠡᠬᠦ ᠶᠢ ᠴᠢᠬᠤᠯᠠᠴᠢᠯᠠᠵᠤ᠂ ᠰᠣᠳᠣᠨ ᠪᠦᠲᠦᠭᠡᠯ ᠪᠦᠲᠦᠭᠡᠬᠦ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠲᠠᠪᠴᠠᠩ ᠪᠣᠯᠣᠨ ᠠᠷᠠᠳ ᠤᠨ ᠠᠮᠢᠳᠤᠷᠠᠯ ᠤᠨ ᠲᠦᠷᠦᠯ ᠲᠡᠮᠳᠡᠭ ᠢ ᠡᠭᠦᠳᠴᠦ᠂ ᠤᠬᠠᠭᠤᠯᠭ᠎ᠠ ᠮᠡᠳᠡᠭᠡᠯᠡᠯ ᠪᠣᠯᠣᠨ ᠠᠷᠠᠳ ᠤᠯᠠᠨ ᠤ ᠬᠤᠭᠤᠷᠣᠨᠳᠣᠬᠢ ᠵᠥᠷᠢᠶ᠎ᠡ ᠶᠢ ᠣᠶᠢᠷᠠᠲᠤᠭᠤᠯᠬᠤ ᠬᠡᠷᠡᠭᠲᠡᠢ︔ ᠰᠢᠯᠵᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠦᠯᠵᠢᠶᠡᠨ ᠤ ᠰᠡᠳᠬᠢᠬᠦᠢ ᠪᠠᠷ ᠡᠬᠢ ᠪᠠᠶᠠᠯᠢᠭ ᠤᠨ ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠰᠢᠨ᠎ᠡ ᠪᠠᠷ ᠮᠠᠨᠳᠤᠭᠰᠠᠨ ᠳᠠᠮᠵᠢᠭᠤᠯᠭ᠎ᠠ ᠶᠢᠨ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠪᠠᠶᠢᠭᠤᠯᠵᠤ᠂ ᠭᠤᠣᠯ ᠵᠠᠭᠤᠴᠢᠯᠠᠭᠤᠷ ᠢ ᠨᠡᠩ ᠢᠯᠡᠭᠦᠦ ᠳᠠᠮᠵᠢᠭᠤᠯᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠲᠠᠢ ᠪᠣᠯᠭᠠᠬᠤ ᠬᠡᠷᠡᠭᠳᠡᠢ︔ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠰᠡᠳᠬᠢᠬᠦᠢ᠂ ᠣᠬᠠᠭᠤᠯᠬᠤ ᠠᠷᠭ᠎ᠠ᠂ ᠲᠠᠪᠴᠠᠩ᠂ ᠦᠭᠡ ᠶᠠᠷᠢᠶᠠᠨ ᠤ ᠪᠦᠬᠦ ᠲᠠᠯ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠴᠢᠳᠠᠪᠤᠷᠢᠲᠠᠨ ᠢ ᠰᠣᠩᠭᠤᠬᠤ᠂ ᠬᠥᠮᠥᠵᠢᠭᠦᠯᠬᠦ᠂ ᠬᠡᠷᠡᠭᠯᠡᠬᠦ᠂ ᠬᠠᠮᠢᠶᠠᠷᠬᠤ ᠪᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠭᠤᠰᠤᠯᠴᠠᠭᠤᠯᠤᠨ ᠬᠦᠭᠵᠢᠬᠦᠯᠬᠦ ᠳᠣᠲᠣᠭᠠᠳᠤ ᠬᠥᠳᠡᠯᠭᠡᠬᠦ ᠬᠦᠴᠦᠨ ᠢᠶᠠᠨ ᠬᠥᠭᠵᠢᠭᠡᠵᠦ᠂ ᠵᠠᠭᠤᠴᠢᠯᠠᠭᠤᠷ ᠢ ᠭᠦᠨᠵᠡᠭᠡᠢ ᠠᠭᠤᠰᠤᠯᠴᠠᠭᠤᠯᠬᠤ ᠶᠢ ᠰᠢᠨ᠎ᠡ ᠰᠢᠪᠲᠤᠯᠤᠯᠲᠠ ᠲᠠᠢ ᠪᠤᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号