ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠨᠢᠭᠡᠳᠦᠭᠡᠷ ᠤᠯᠠᠷᠢᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 19 ᠤ ᠡᠳᠦᠷ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠨᠢᠭᠡᠳᠦᠭᠡᠷ ᠤᠯᠠᠷᠢᠯ ᠤᠨ ᠠᠵᠢᠯ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠠᠩᠬᠠᠳᠤᠭᠠᠷ ᠣᠳᠠᠭᠠᠨ ᠤ ᠪᠦᠬᠦᠳᠡ ᠬᠤᠷᠠᠯ ︵ᠥᠷᠭᠡᠳᠬᠡᠭᠰᠡᠨ︶ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠪᠣᠯᠣᠨ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠭᠰᠠᠨ ᠪᠠᠶᠢᠳᠠᠯ ᠢᠶᠠᠨ ᠮᠡᠳᠡᠭᠳᠡᠵᠦ᠂ ᠡᠯ᠎ᠡ ᠲᠣᠭᠤᠷᠢᠭ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠼᠦᠢ ᠵᠢᠩ ᠶᠢᠩ ᠬᠡᠯᠡᠭᠰᠡᠨ ᠨᠢ᠂ ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠥᠴᠥᠬᠡᠨ ᠴᠦ ᠰᠤᠯᠠᠷᠠᠭᠤᠯᠵᠤ ᠪᠣᠯᠬᠤ ᠦᠭᠡᠢ᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠲᠡᠭ ᠪᠤᠴᠠᠭᠠᠬᠤ︾ ᠰᠡᠳᠬᠢᠴᠡ ᠶᠢᠨ ᠪᠠᠶᠢᠳᠠᠯ ᠢ ᠴᠠᠭ ᠢᠮᠠᠭᠲᠠ ᠪᠠᠷᠢᠮᠲᠠᠯᠠᠵᠤ᠂ ᠠᠮᠤᠷ ᠲᠦᠪᠰᠢᠨ ᠤ ᠣᠶᠢᠯᠠᠭᠠᠭᠳᠠᠬᠤᠨ᠂ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠲᠥᠯᠦᠪᠵᠢᠭᠦᠯᠭᠡ᠂ ᠠᠮᠤᠷ ᠲᠦᠪᠰᠢᠨ ᠤ ᠬᠠᠤᠯᠢᠵᠢᠯ᠂ ᠠᠮᠤᠷ ᠲᠦᠪᠰᠢᠨ ᠤ ᠪᠠᠷᠢᠮᠵᠢᠶ᠎ᠠ᠂ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ᠂ ᠠᠮᠤᠷ ᠲᠦᠪᠰᠢᠨ ᠤ ᠢᠨᠵᠧᠨᠧᠷᠢᠩ᠂ ᠠᠮᠤᠷ ᠲᠦᠪᠰᠢᠨ ᠤ ᠬᠡᠪ ᠴᠢᠨᠠᠷ ᠵᠡᠷᠭᠡ ᠲᠠᠯ᠎ᠠ ᠪᠠᠷ ᠬᠦᠴᠦ ᠣᠷᠣᠭᠤᠯᠵᠤ᠂ ᠪᠣᠳᠠᠲᠠᠢ ᠠᠵᠢᠯ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠨᠢᠮᠪᠠᠢ ᠪᠣᠳᠠᠲᠠᠢ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠬᠦᠨᠳᠦ ᠶᠡᠭᠡ ᠠᠳᠡᠯ ᠤᠨ ᠭᠡᠮ ᠰᠣᠭᠤᠭ ᠢ ᠮᠠᠭᠠᠳᠯᠠᠬᠤ ᠪᠠᠷᠢᠮᠵᠢᠶ᠎ᠠ ᠶᠢᠨ ᠰᠢᠰᠲ᠋ᠧᠮ ᠢᠶᠠᠨ ᠳᠡᠭᠡᠭᠰᠢᠯᠡᠭᠦᠯᠬᠦ ᠵᠡᠷᠭᠡ ᠨᠠᠢᠮᠠᠨ ᠶᠡᠭᠡ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠠᠨ ᠪᠠᠲᠤᠳᠬᠠᠨ ᠪᠠᠬᠢᠵᠢᠭᠦᠯᠵᠦ᠂ ᠵᠠᠰᠠᠯᠲᠠ ᠶᠢᠨ ᠵᠠᠭᠪᠤᠷ ᠢᠶᠠᠨ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠲᠣᠪᠤᠶᠢᠯᠭᠠᠨ ᠵᠠᠩᠭᠢᠯᠠᠭ᠎ᠠ ᠶᠢ ᠨᠢ ᠠᠳᠬᠤᠵᠤ᠂ ᠡᠬᠢ ᠡᠭᠦᠰᠦᠯ ᠠᠴᠠ ᠨᠢ ᠠᠳᠬᠤᠵᠤ᠂ ᠬᠠᠮᠢᠶᠠᠷᠤᠯᠳᠠ ᠰᠡᠷᠭᠡᠶᠢᠯᠡᠯᠳᠡ ᠶᠢ ᠵᠡᠷᠭᠡᠪᠡᠷ ᠴᠢᠬᠤᠯᠠᠴᠢᠯᠠᠵᠤ ᠠᠭᠤᠷᠬᠠᠢ ᠶᠢᠨ ᠠᠮᠤᠷ ᠲᠦᠪᠰᠢᠨ ᠢ ᠠᠳᠬᠤᠬᠤ ᠶᠢ ᠪᠠᠷᠢᠮᠲᠠᠯᠠᠵᠤ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠢ ᠪᠦᠬᠦ ᠶᠠᠪᠤᠴᠠ ᠪᠠᠷ ᠬᠠᠮᠢᠶᠠᠷᠤᠨ ᠡᠵᠡᠮᠳᠡᠬᠦ ᠶᠢ ᠪᠠᠷᠢᠮᠲᠠᠯᠠᠵᠤ᠂ ᠴᠢᠬᠤᠯᠠ ᠦᠨᠳᠦᠰᠦ ᠰᠤᠷᠪᠤᠯᠵᠢ ᠳᠤ ᠠᠩᠬᠠᠷᠤᠯ ᠢᠶᠠᠨ ᠲᠥᠪᠯᠡᠷᠡᠭᠦᠯᠵᠦ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠠᠳᠬᠤᠵᠤ᠂ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠰᠢᠲᠠᠮᠠᠬᠠᠢ ᠬᠡᠢ ᠶᠢᠨ ᠠᠮᠤᠷ ᠲᠦᠪᠰᠢᠨ ᠢ ᠠᠳᠬᠤᠵᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠰᠦᠩ ᠬᠠᠯᠢᠶ᠎ᠠ ᠶᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠳᠡᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨᠬᠦ ᠠᠷᠢᠯᠭᠠᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠳᠬᠠᠵᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠪᠣᠳᠠᠲᠠᠢ ᠦᠷ᠎ᠡ ᠪᠦᠲᠦᠮᠵᠢ ᠪᠠᠷ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠭᠧᠩ ᠬᠠᠢ ᠵᠢᠶᠦ᠋ᠨ᠂ ᠭᠦᠸᠧ ᠢ ᠵᠢᠶᠧ᠂ ᠸᠠᠩ ᠵᠢᠢ ᠫᠢᠩ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号