ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠬᠠᠶᠢᠷᠤᠪ ᠤᠨ ᠲᠣᠬᠤᠢ ᠲᠣᠭᠤᠷᠢᠭ ᠤᠨ ᠲᠥᠪᠯᠡᠷᠡᠨ ᠵᠠᠯᠭᠠᠯᠳᠤᠭᠰᠠᠨ ᠪᠠᠶᠢᠰᠢᠩᠲᠤ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠠᠵᠢᠯ ᠤᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/3/21
     3 ᠰᠠᠷ᠎ᠠ ᠶᠢᠨ 19 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠠᠶᠢᠷᠤᠪ ᠤᠨ ᠲᠣᠬᠤᠢ ᠶᠢᠨ ᠲᠣᠭᠤᠷᠢᠭ ᠲᠤ ᠬᠦᠷᠴᠦ ᠲᠥᠪᠯᠡᠷᠡᠨ ᠵᠠᠯᠭᠠᠯᠳᠤᠭᠰᠠᠨ ᠪᠠᠶᠢᠰᠢᠩᠲᠤ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠠᠵᠢᠯ ᠤᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠬᠦ ᠶᠢᠨ ᠬᠠᠮᠲᠤ ᠰᠠᠨᠠᠯ ᠢᠶᠠᠨ ᠰᠣᠯᠢᠯᠴᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠱᠣ᠋ ᠫᠢᠩ ᠣᠷᠣᠯᠴᠠᠪᠡ᠃      ᠸᠠᠩ ᠸᠧᠨ ᠵᠢᠶᠧ ᠨᠠᠷ ᠤᠷᠢᠳ ᠬᠤᠵᠢᠳ 117 ᠭᠠᠵᠠᠷ ᠰᠢᠨᠵᠢᠯᠡᠭᠡᠨ ᠤ ᠠᠩᠭᠢ᠂ ᠳᠠᠪᠲᠠᠨ ᠪᠣᠯᠪᠠᠰᠤᠷᠠᠭᠤᠯᠬᠤ ᠦᠢᠯᠡᠳᠪᠦᠷᠢ᠂ S217 ᠵᠠᠮ ᠳᠠᠭᠠᠤ᠂ ᠵᠧᠨ ᠪᠧᠢ ᠨᠡᠶᠢᠭᠡᠮ ᠲᠣᠭᠤᠷᠢᠭ᠂ ᠰᠢᠨ ᠬᠤᠸᠠ ᠪᠠᠷᠠᠭᠤᠨ ᠵᠡᠭᠡᠯᠢ ᠶᠢᠨ ᠡᠮᠦᠨ᠎ᠡ ᠨᠢᠭᠡᠳᠦᠭᠡᠷ ᠬᠦᠷᠰᠢ ᠵᠡᠷᠭᠡᠯᠡᠳᠡᠭᠡ ᠵᠡᠷᠭᠡ ᠲᠥᠪᠯᠡᠷᠡᠨ ᠵᠠᠯᠭᠠᠯᠳᠤᠭᠰᠠᠨ ᠪᠠᠶᠢᠰᠢᠩᠲᠤ ᠲᠣᠭᠤᠷᠢᠭ ᠲᠤ ᠬᠦᠷᠴᠦ᠂ ᠪᠠᠶᠢᠰᠢᠩᠲᠤ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠥᠭᠡᠷᠡᠴᠢᠯᠡᠨ ᠰᠢᠨᠡᠳᠬᠡᠬᠦ ᠲᠥᠯᠦᠪᠵᠢᠭᠦᠯᠭᠡ᠂ ᠬᠡᠷᠡᠭᠵᠢᠭᠦᠯᠬᠦ ᠠᠷᠭ᠎ᠠ ᠵᠠᠮ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢᠶᠠᠨ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠯᠤᠭ᠎ᠠ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃      ᠸᠠᠩ ᠸᠧᠨ ᠵᠢᠶᠧ ᠬᠡᠯᠡᠭᠰᠡᠨ ᠨᠢ᠂ ᠪᠠᠶᠢᠰᠢᠩᠲᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠬᠤ ᠴᠢᠬᠤᠯᠠ ᠬᠥᠭᠵᠢᠯᠲᠡ ᠶᠢᠨ ᠢᠨᠵᠧᠨᠧᠷᠢᠩ ᠪᠣᠯᠣᠨ᠎ᠠ᠃ ᠬᠤᠳᠠ ᠶᠢᠨ ᠰᠢᠨᠡᠴᠢᠯᠡᠯᠲᠡ ᠶᠢᠨ ᠲᠤᠬᠠᠢ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠰᠤᠷᠤᠯᠴᠠᠨ ᠲᠣᠯᠢᠳᠠᠵᠤ᠂ ᠲᠤᠷᠰᠢᠯᠲᠠ ᠶᠢ ᠤᠷᠢᠳᠠᠪᠠᠷ ᠬᠢᠵᠦ᠂ ᠬᠠᠭᠤᠴᠢᠨ ᠲᠤᠭᠤᠷᠢᠭ ᠢ ᠥᠭᠡᠷᠡᠴᠢᠯᠡᠬᠦ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠬᠡᠷᠡᠭᠵᠢᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠤ ᠠᠰᠢᠭ ᠬᠦᠷᠲᠡᠭᠡᠵᠦ᠂ ᠬᠠᠯᠠᠭᠤᠨ ᠳᠤᠯᠠᠭᠠᠨ ᠲᠥᠷᠥᠭᠳᠡᠯ ᠢ ᠬᠦᠷᠲᠡᠭᠡᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠨᠡ ᠬᠦ ᠵᠥᠪᠯᠡᠬᠦ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠢᠯᠡᠭᠦᠬᠡᠨ ᠰᠡᠳᠬᠢᠨ ᠪᠣᠳᠣᠯᠬᠢᠯᠠᠵᠤ᠂ ᠢᠯᠡᠭᠦᠬᠡᠨ ᠰᠤᠳᠤᠯᠵᠤ᠂ ᠦᠵᠡᠯᠲᠡ ᠲᠠᠢ᠂ ᠬᠦᠨᠳᠦ ᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠰᠠᠨᠠᠯ ᠪᠠ ᠰᠠᠨᠠᠭᠤᠯᠭ᠎ᠠ ᠳᠤᠷᠠᠳᠴᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠯᠠᠪᠯᠠᠯᠲᠠ ᠶᠢᠨ ᠦᠨᠳᠦᠰᠦᠯᠡᠯ ᠬᠠᠩᠭᠠᠵᠤ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号