ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠣᠭᠠᠷ ᠤᠳᠠᠭᠠᠨ ᠤ ᠬᠤᠷᠠᠯ᠂ 2024 ᠣᠨ ᠤ ᠬᠤᠲᠠ ᠶᠢᠨ ᠣᠢ ᠰᠢᠭᠤᠢ ᠶᠢᠨ ᠳᠠᠷᠤᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/21
     3 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠣᠳᠠᠭᠠᠨ ᠤ ᠬᠤᠷᠠᠯ᠂ 2024 ᠣᠨ ᠤ ᠬᠤᠳᠠ ᠶᠢᠨ ᠣᠢ ᠰᠢᠭᠤᠢ ᠶᠢᠨ ᠳᠠᠷᠤᠭ᠎ᠠ ᠶᠢᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ ᠰᠡᠳᠬᠦᠯ  ᠳᠤ ᠨᠡᠶᠢᠲᠡᠯᠡᠭᠰᠡᠨ ︽ᠶᠡᠭᠡ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠳᠡᠢ︾ ᠬᠡᠬᠦ ᠵᠤᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ᠨᠢ ᠶᠡᠭᠡ ᠨᠠᠮ ᠤᠨ ᠡᠷᠬᠡᠪᠰᠢ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠪᠣᠯᠭᠠᠬᠤ ᠬᠡᠷᠡᠭᠲᠡᠢ ᠬᠡᠵᠡᠢ᠃      ᠬᠤᠷᠠᠯ ᠠᠴᠠ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠤᠰᠬᠠᠢ ᠪᠠᠭ ᠤᠨ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠤᠭᠤᠶᠢᠯᠠᠩ ᠤᠨ ᠦᠬᠠᠢ ᠬᠤᠳᠠ ᠶᠢ ᠬᠢᠨᠠᠨ ᠵᠢᠯᠤᠭᠤᠲᠤᠭᠰᠠᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠠᠨ ᠤ ᠬᠤᠳᠠ ᠳᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠵᠡᠷᠭᠡ ᠠᠵᠢᠯ ᠢ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠪᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠪᠠ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠢᠳᠡᠪᠬᠢᠲᠡᠢ ᠪᠠᠷ ᠰᠢᠨ᠎ᠡ ᠶᠢ ᠡᠭᠦᠳᠬᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠬᠤ᠂ ᠠᠬᠢᠴᠠ ᠪᠠᠨ ᠠᠳᠬᠤᠬᠤ ᠶᠢ ᠪᠠᠷᠢᠮᠲᠠᠯᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠨ ᠠᠬᠢᠭᠤᠯᠵᠤ᠂ BDO᠂ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠵᠡᠷᠭᠡ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠬᠦᠴᠦ ᠣᠷᠣᠭᠤᠯᠤᠨ ᠬᠡᠯᠬᠢᠶ᠎ᠡ ᠪᠠᠨ ᠤᠷᠲᠤᠳᠬᠠᠵᠤ᠂ ᠬᠡᠯᠬᠢᠶ᠎ᠡ ᠪᠠᠨ ᠨᠥᠬᠦᠪᠦᠷᠢᠯᠡᠵᠦ᠂ ᠬᠡᠯᠬᠢᠶ᠎ᠡ ᠪᠠᠨ ᠴᠢᠩᠭᠠᠳᠬᠠᠵᠤ᠂ ᠠᠵᠤ ᠦᠢᠯᠡᠰ ᠤᠨ ᠪᠦᠬᠦ ᠬᠡᠯᠬᠢᠶ᠎ᠡ᠂ ᠪᠦᠯᠦᠭᠵᠢᠯ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢᠶᠠᠨ ᠪᠠᠭᠤᠷᠠᠭᠤᠯᠵᠤ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠣᠷᠣᠨ ᠨᠤᠲᠤᠭ ᠤᠨ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠤᠳᠤ ᠶᠢᠨ ᠪᠠᠶᠢᠭ᠎ᠠ ᠱᠤᠭᠤᠮ᠂ ᠥᠷᠲᠡᠭᠡᠨ ᠤ ᠲᠠᠪᠴᠠᠩ ᠤᠨ ᠲᠥᠬᠦᠭᠡᠷᠦᠮᠵᠢ ᠶᠢ ᠵᠠᠯᠭᠠᠨ ᠬᠤᠯᠪᠣᠯᠳᠤᠭᠤᠯᠵᠤ᠂ ᠬᠤᠯᠪᠣᠯᠳᠤᠭᠤᠯᠤᠨ ᠲᠣᠣᠷᠵᠢᠭᠤᠯᠬᠤ ᠶᠢ ᠠᠬᠢᠭᠤᠯᠵᠤ᠂ ᠥᠨᠳᠥᠷ ᠪᠦᠲᠦᠮᠵᠢᠲᠡᠢ ᠳᠥᠭᠦᠮ ᠳᠥᠲᠡ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠬᠦᠴᠢᠷᠳᠡᠯ ᠪᠠ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠴᠢᠷᠮᠠᠶᠢᠵᠤ᠂ ᠴᠠᠭ ᠲᠤᠬᠠᠢ ᠳᠤᠨᠢ ᠳᠠᠭᠠᠵᠤ᠂ ᠤᠨᠢᠨ ᠳᠡᠭᠡᠷ᠎ᠡ ᠨᠢ ᠦᠢᠯᠡᠴᠢᠯᠡᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠮᠤᠷ ᠲᠦᠪᠰᠢᠨ ᠭᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠥᠷᠥᠯ ᠵᠦᠢᠯ ᠢ ᠴᠢᠩᠭ᠎ᠠ ᠠᠩᠬᠠᠷᠴᠤ᠂ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠨ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ︽ᠲᠣᠭᠲᠠᠭᠤᠨ ᠡᠭᠢᠯᠡᠯᠳᠡ︾ ︽ᠰᠠᠶᠢᠨ ᠡᠬᠢᠯᠡᠯᠲᠡ︾ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ︽ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ ︵ᠬᠦᠷᠭᠡᠨ ᠬᠢᠨᠠᠭᠤᠯᠬᠤ ᠨᠣᠣᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢ ︽ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠡᠷᠡᠭᠯᠡᠬᠦ᠂ ᠦᠯᠡᠳᠡᠭᠡᠬᠦ︾ ᠠᠵᠢᠯ ᠤᠨ ᠲᠣᠭᠲᠠᠴᠠ ᠪᠠᠨ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠤᠭᠤᠷᠢᠨ ᠢ ᠨᠢ ᠦᠷᠭᠦᠯᠵᠢᠯᠡᠨ ᠰᠢᠯᠢᠳᠡᠭᠵᠢᠭᠦᠯᠵᠦ᠂ ᠴᠢᠳᠠᠪᠤᠷᠢᠲᠠᠨ ᠤ ᠨᠡᠶᠢᠳᠡᠮ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠠᠰᠠᠭᠤᠳᠠᠯ ᠢ ᠨᠢ ᠬᠦᠴᠦᠯᠡᠨ ᠰᠠᠶᠢᠲᠤᠷ ᠰᠢᠢᠳᠪᠦᠷᠢᠯᠡᠵᠦ᠂ ᠴᠢᠳᠠᠪᠤᠷᠢᠲᠠᠨ ᠤ ᠬᠤᠶᠢᠰᠢᠳᠠ ᠶᠢᠨ ᠵᠣᠪᠠᠨᠢᠯ ᠢ ᠨᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠲᠤᠬᠠᠢ ᠬᠤᠳᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ ᠬᠡᠷᠡᠭᠵᠢᠭᠦᠯᠬᠦ ᠰᠠᠨᠠᠯ ︵ᠬᠦᠷᠭᠡᠨ ᠬᠢᠨᠠᠭᠤᠯᠬᠤ ᠨᠣᠣᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠢᠨᠠᠨ ᠪᠤᠳᠤᠬᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠮᠢᠭ᠎ᠠ ᠬᠦᠷᠲᠡᠯ᠎ᠡ ᠪᠠᠶᠢᠷᠢᠯᠠᠭᠤᠯᠪᠠᠯ ᠬᠢᠨᠠᠨ ᠪᠤᠳᠤᠵᠤ ᠬᠢᠨᠠᠯᠲᠠ ᠲᠠᠯᠪᠢᠬᠤ ᠶᠢ ᠲᠡᠨᠳᠡ ᠬᠦᠷᠲᠡᠯ᠎ᠡ ᠳᠠᠭᠠᠵᠤ᠂ ᠴᠢᠨᠠᠷ ᠰᠠᠶᠢᠲᠠᠢ ᠬᠢᠨᠠᠨ ᠪᠣᠳᠣᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠬᠢᠨᠠᠯᠲᠠ ᠲᠠᠯᠪᠢᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠤᠨ᠂ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠨ ᠪᠤᠳᠤᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠯᠲᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠲᠠᠢ ᠨᠠᠪᠲᠠᠷᠡᠭᠦᠯᠵᠦ᠂ ᠪᠦᠬᠦᠯᠢ ᠴᠣᠭᠴᠠ ᠶᠢᠨ ᠬᠢᠨᠠᠯᠲᠠ ᠶᠢᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠦᠷᠭᠦᠯᠵᠢᠯᠡᠨ ᠰᠠᠶᠢᠲᠤᠷ ᠠᠳᠬᠤᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠪᠠᠨ ᠴᠢᠩᠭᠠᠳᠬᠠᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ︽ᠰᠡᠭᠦᠯᠴᠢ ᠶᠢᠨ ᠬᠠᠭᠠᠰ ᠠᠵᠢᠯ︾ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ 2024 ᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠲᠤᠬᠠᠢ ᠲᠣᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号