ᠣᠶᠢᠷ᠎ᠠ ᠶᠢᠨ ᠡᠳᠦᠷ᠂ ᠦᠬᠠᠢ ᠶᠢᠨ ᠤᠯᠠᠭᠠᠨᠮᠥ᠋ᠴᠢᠷ ︽ᠵᠠᠭᠤᠨ ᠪᠦᠯᠬᠦᠮ ᠮᠢᠩᠭᠠᠨ ᠲᠠᠯᠠᠪᠤᠷ︾ ᠢ ᠦᠨᠳᠦᠰᠦᠨ | ᠱᠠᠲᠤᠨ ᠳᠤ ᠪᠠᠭᠤᠯᠭᠠᠬᠤ ᠵᠢᠴᠢ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ | ᠪᠠᠶᠢᠭᠤᠯᠤᠯᠲᠠ ᠶᠢᠨ ᠭᠤᠣᠯ ᠰᠡᠳᠦᠪᠲᠦ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ | ᠥᠷᠨᠢᠭᠦᠯᠵᠦ᠂ ᠤᠯᠠᠭᠠᠨᠮᠥ᠋ᠴᠢᠷ ᠤᠨ ᠲᠤᠭᠯᠠᠭᠴᠢᠳ ᠨᠡᠶᠢᠭᠡᠮ ᠲᠣᠭᠤᠷᠢᠭ᠂ ᠲᠠᠷᠢᠶᠠᠯᠠᠬᠤ ᠣᠷᠣᠨ ᠵᠡᠷᠭᠡ ᠭᠠᠵᠠᠷ ᠢᠶᠠᠷ | ᠭᠦᠨᠵᠡᠭᠡᠶᠢᠷᠡᠵᠦ᠂ ᠤᠯᠠᠨ ᠲᠦᠮᠡᠨ ᠳᠤ ᠥᠪᠡᠷᠮᠢᠴᠡ ᠣᠨᠴᠠᠯᠢᠭ ᠲᠠᠢ ᠰᠣᠶᠣᠯ ᠤᠨ ᠦᠵᠡᠬᠦᠯᠦᠯᠭᠡ ᠬᠠᠩᠭᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠮᠥ᠋ᠴᠢᠷ ᠤᠨ ᠲᠤᠭᠯᠠᠭᠴᠢᠳ ᠪᠥᠵᠢᠭ᠂ ᠳᠠᠭᠤᠤ᠂ ᠮᠣᠷᠢᠨ | ᠬᠤᠭᠤᠷ ᠤᠨ ᠲᠣᠭᠯᠠᠯᠲᠠ ᠵᠡᠷᠭᠡ ᠬᠡᠯᠪᠡᠷᠢ ᠪᠠᠷ ︽ᠬᠦᠭᠡ ᠠᠭᠤᠯᠠ ᠬᠥᠬᠡᠮᠳᠦᠭ ᠤᠰᠤ︾ ︽ᠲᠤᠭᠤᠷ ᠤᠨ ᠴᠡᠴᠡᠭ | ᠪᠠᠳᠠᠷᠠᠨ ᠳᠡᠯᠭᠡᠷᠡᠭᠰᠡᠨ ᠭᠠᠵᠠᠷ︾ ︽ᠲᠦᠮᠡᠨ ᠠᠭᠲᠠ ᠶᠢᠨ ᠲᠦᠪᠡᠷᠭᠡᠨ︾ ᠵᠡᠷᠭᠡ ᠭᠤᠶᠢᠳᠠ ᠰᠠᠶᠢᠬᠠᠨ ᠲᠣᠭᠯᠠᠯᠲᠠ | ᠭᠠᠷᠭᠠᠵᠤ᠂ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ | ᠳᠠᠷᠠᠭᠠᠴᠢ ᠶᠢᠨ ᠠᠯᠬᠤᠮ ᠳᠤ᠂ ᠦᠬᠠᠢ ᠶᠢᠨ ᠤᠯᠠᠭᠠᠨᠮᠥ᠋ᠴᠢᠷ ᠤᠨ ᠬᠢᠨ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠦᠷᠭᠦᠯᠵᠢᠯᠡᠨ ᠵᠣᠯᠭᠠᠭᠤᠯᠵᠤ᠂ ᠨᠡᠩ ᠣᠯᠠᠨ ︽ᠣᠯᠠᠨ ᠲᠦᠮᠡᠨ ᠤ ᠬᠦᠷᠢᠶᠡᠯᠡᠯ ᠢ ᠣᠯᠣᠭᠰᠠᠨ︾ | ︽ᠣᠷᠭᠢᠯᠤᠮ᠎ᠠ ᠬᠠᠯᠠᠭᠤᠨ ᠠᠭᠤᠷ ᠠᠮᠢᠰᠬᠤᠯ ᠢ ᠬᠦᠭᠵᠢᠭᠡᠭᠰᠡᠨ︾ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ | ᠵᠣᠬᠢᠶᠠᠨ ᠪᠦᠲᠦᠭᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠢᠳᠡᠪᠬᠢᠲᠡᠢ | ᠨᠠᠶᠢᠳᠠᠪᠤᠷᠢᠵᠢᠭᠤᠯᠵᠤ᠂ ᠲᠦᠷᠦᠯ ᠬᠤᠪᠢᠶᠠᠨ ᠱᠠᠲᠤ ᠬᠤᠪᠢᠶᠠᠨ ᠯᠠᠪᠳᠠᠭᠤᠨ ᠪᠠᠲᠤᠲᠠᠢ ᠪᠦᠲᠦᠮᠵᠢᠲᠡᠢ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ | ᠬᠦᠷᠢᠶ᠎ᠡ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦ ᠨᠡᠮᠡᠷᠢᠯᠡᠵᠦ᠂ ᠴᠢᠨᠠᠷ ᠰᠠᠶᠢᠲᠠᠢ ᠰᠣᠶᠣᠯ ᠤᠨ | ᠬᠠᠩᠭᠠᠯᠭ᠎ᠠ ᠪᠠᠷ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠢ | ᠳᠡᠭᠡᠭᠰᠢᠯᠡᠭᠦᠯᠵᠦ᠂ ᠨᠠᠮ ᠤᠨ ᠲᠠᠭᠤᠨ ᠪᠣᠯᠣᠨ ᠬᠠᠯᠠᠮᠵᠢᠯᠠᠯ ᠢ ᠤᠯᠠᠨ ᠲᠦᠮᠡᠨ ᠤ ᠰᠡᠳᠬᠢᠯ ᠳᠤ ᠲᠡᠮᠵᠢᠭᠤᠯᠬᠤ ᠪᠤᠯᠤᠨ᠎ᠠ᠃ | |