ᠲᠠᠩ ᠢ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ ᠲᠣᠭᠤᠷᠢᠭ᠂ ᠤᠳᠠ ᠲᠣᠭᠤᠷᠢᠭ ᠲᠤ ᠬᠦᠷᠴᠦ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠵᠠᠩ ᠮᠢᠩ ᠮᠢᠩ ᠣᠷᠣᠯᠴᠠᠪᠡ᠃

     ᠮᠠᠮᠪᠠᠷᠠᠰᠠᠩ ᠰᠦᠮ᠎ᠡ ᠳᠤ᠂ ᠲᠠᠩ ᠢ ᠬᠤᠯᠪᠤᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ

ᠰᠣᠨᠣᠰᠴᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠦᠵᠡᠮᠵᠢ ᠶᠢᠨ ᠣᠷᠣᠨ ᠤ

ᠪᠦᠲᠦᠭᠡᠨ ᠪᠠᠶᠢᠭᠤᠯᠤᠯᠲᠠ ᠡᠵᠡᠩᠨᠡᠯᠲᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠪᠠᠶᠢᠳᠠᠯ ᠢ

 ᠨᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ

ᠬᠥᠭᠵᠢᠭᠦᠯᠬᠦ ᠶᠢ ᠠᠬᠢᠭᠤᠯᠬᠤ ᠪᠣᠯ ᠮᠠᠨ ᠤ ᠬᠤᠳᠠ ᠶᠢᠨ ᠡᠨᠡ ᠵᠢᠯ ᠤᠨ ᠠᠷᠪᠠᠨ ᠬᠤᠶᠠᠷ ᠵᠦᠢᠯ ᠤᠨ

ᠭᠤᠣᠯᠳᠠᠯᠭ᠎ᠠ ᠲᠠᠢ ᠠᠵᠢᠯ ᠤᠨ ᠨᠢᠭᠡ ᠪᠣᠯᠣᠨ᠎ᠠ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ

 ᠬᠢᠨ ᠨᠠᠷᠢᠨ ᠨᠢᠮᠪᠠᠢ ᠲᠥᠯᠥᠪᠵᠢᠭᠦᠯᠵᠦ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠲᠠᠷᠢᠶᠠᠯᠠᠩ ᠮᠠᠯ ᠠᠵᠤ

ᠠᠬᠤᠢ᠂ ᠬᠤᠳᠠᠯᠳᠤᠭᠠᠨ ᠤ ᠶᠠᠪᠤᠳᠠᠯ᠂ ᠰᠣᠶᠣᠯ ᠪᠡᠶ᠎ᠡ ᠶᠢᠨ ᠲᠠᠮᠢᠷ ᠪᠣᠯᠣᠨ ᠵᠢᠭᠤᠯᠴᠢᠯᠠᠯ ᠵᠡᠷᠭᠡ ᠡᠯ᠎ᠡ ᠲᠠᠯ᠎ᠠ ᠶᠢᠨ ᠡᠬᠢ

ᠪᠠᠶᠠᠯᠢᠭ ᠤᠨ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠵᠦ᠂ ᠭᠦᠨᠵᠡᠭᠡᠢ ᠠᠭᠤᠰᠤᠯᠴᠠᠬᠤ᠂ ᠪᠦᠲᠦᠮᠵᠢᠲᠡᠢ

ᠠᠭᠤᠰᠤᠯᠴᠠᠬᠤ ᠲᠠᠯ᠎ᠠ ᠪᠠᠷ ᠰᠢᠰᠲ᠋ᠧᠮ ᠲᠠᠢ ᠰᠤᠳᠤᠯᠵᠤ᠂ ᠦᠨᠡᠨᠬᠦ ᠶᠠᠪᠤᠭᠳᠠᠭᠤᠰᠢᠲᠠᠢ ᠠᠷᠭ᠎ᠠ ᠬᠡᠮᠵᠢᠶ᠎ᠡ ᠪᠣᠯᠣᠨ

ᠠᠷᠭ᠎ᠠ ᠵᠠᠮ ᠢ ᠪᠦᠷᠢᠯᠳᠦᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ

ᠲᠦᠷᠭᠡᠨ ᠠᠬᠢᠭᠤᠯᠬᠤ ᠬᠡᠷᠡᠭᠲᠡᠢ᠃ ᠪᠥᠬᠦ ᠬᠤᠲᠠ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ

ᠭᠦᠢᠴᠡᠳ ᠠᠭᠤᠳᠠᠯᠵᠤ᠂ ᠰᠢᠪᠠᠭᠤ ᠰᠣᠨᠢᠷᠬᠠᠬᠤ ᠰᠠᠷ᠎ᠠ᠂ ᠵᠢᠮᠢᠰ ᠲᠡᠭᠦᠬᠦ ᠤᠯᠠᠷᠢᠯ᠂ ᠤᠷᠠᠨ ᠪᠢᠴᠢᠯᠭᠡ ᠶᠢᠨ ᠨᠠᠶᠢᠷ ᠵᠡᠷᠭᠡ

ᠠᠵᠢᠯᠯᠠᠭ᠎ᠠ ᠲᠠᠢ ᠤᠶᠠᠯᠳᠤᠭᠤᠯᠤᠨ᠂ ᠡᠬᠢ ᠪᠠᠶᠠᠯᠢᠭ ᠢ ᠬᠤᠯᠪᠣᠯᠳᠤᠭᠤᠯᠵᠤ᠂ ᠨᠠᠷᠢᠯᠢᠭᠵᠢᠭᠤᠯᠬᠤ᠂ ᠣᠨᠴᠠᠯᠢᠭᠵᠢᠭᠤᠯᠬᠤ

ᠳᠡᠭᠡᠷ᠎ᠡ ᠬᠦᠴᠦ ᠲᠠᠯᠪᠢᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠬᠤ ᠬᠤᠳᠠᠯᠳᠤᠨ

ᠠᠪᠬᠤ ᠵᠤᠭ᠎ᠠ ᠴᠡᠩᠭᠡᠯ︾ ᠵᠡᠷᠭᠡ ᠣᠯᠠᠨ ᠡᠰᠢᠲᠦ ᠪᠡᠶᠡᠴᠢᠯᠡᠨ ᠣᠶᠢᠯᠠᠭᠠᠬᠤ ᠬᠡᠷᠡᠭᠯᠡᠭᠡᠨ ᠤ ᠠᠬᠤᠢ ᠪᠠᠶᠢᠳᠠᠯ ᠢ ᠪᠣᠶ

ᠪᠣᠯᠭᠠᠵᠤ᠂ ᠣᠯᠠᠨ ᠤ ︽ᠬᠡᠯᠡᠵᠦ ᠪᠠᠶᠢᠭ᠎ᠠ ᠡᠷᠳᠡᠨᠢᠰ ᠤᠨ ᠰᠠᠩ︾ ᠢ ᠦᠨᠡᠨ ᠬᠦ ᠪᠣᠳᠠᠲᠤ ᠰᠣᠶᠣᠯ ᠵᠢᠭᠤᠯᠴᠢᠯᠠᠯ ᠤᠨ

ᠡᠬᠢ ᠪᠠᠶᠠᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ

ᠡᠯ᠎ᠡ ᠵᠦᠢᠯ ᠤᠨ ᠲᠠᠪᠴᠠᠩ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠴᠢᠭᠯᠡᠭᠦᠯᠬᠦ ᠴᠢᠨᠠᠷᠲᠠᠢ ᠪᠠᠷ

ᠪᠣᠭᠤᠳᠠᠯᠯᠠᠬᠤ ᠶᠢ ᠲᠥᠰᠥᠪᠯᠡᠵᠦ᠂ ᠮᠠᠨ ᠤ ᠬᠤᠳᠠ ᠶᠢᠨ ᠪᠠᠶᠢᠭᠠᠯᠢ ᠶᠢᠨ ᠦᠵᠡᠮᠵᠢ᠂ ᠰᠣᠶᠣᠯ ᠤᠨ ᠣᠨᠴᠠᠯᠢᠭ᠂ ᠣᠷᠣᠨ

ᠨᠤᠲᠤᠭ ᠤᠨ ᠵᠠᠩ ᠠᠭᠠᠯᠢ᠂ ᠣᠷᠣᠨ ᠨᠤᠲᠤᠭ ᠤᠨ ᠠᠮᠲᠠᠲᠤ ᠢᠳᠡᠭᠡᠨ ᠢ ᠪᠦᠬᠦ ᠲᠠᠯ᠎ᠠ ᠪᠠᠷ ᠪᠣᠰᠤᠭ᠎ᠠ ᠴᠣᠭᠴᠠ ᠪᠠᠷ

ᠤᠬᠠᠭᠤᠯᠤᠨ ᠲᠠᠨᠢᠯᠴᠠᠭᠤᠯᠵᠤ᠂ ᠦᠯᠢᠭᠡᠷ ᠢᠶᠠᠨ ᠰᠠᠶᠢᠬᠠᠨ ᠶᠠᠷᠢᠵᠤ᠂ ᠤᠯᠠᠨ ᠤ ᠬᠦᠷᠢᠶᠡᠯᠡᠯ ᠢ ᠣᠯᠵᠤ᠂ ᠬᠤᠯᠠ

ᠣᠶᠢᠷ᠎ᠠ ᠶᠢ ᠬᠠᠮᠲᠤ ᠳᠤᠨᠢ ᠬᠠᠷᠠᠭᠠᠯᠵᠠᠬᠤ᠂ ᠬᠤᠯᠠ ᠣᠶᠢᠷ᠎ᠠ ᠶᠢᠨ ᠬᠠᠮᠲᠤ ᠳᠠᠭᠠᠨ ᠪᠠᠶᠠᠰᠤᠩᠭᠤᠢ᠂ ᠦᠬᠠᠢ ᠶᠢᠨ

ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ IP ᠶᠢ ᠪᠠᠶᠢᠭᠤᠯᠬᠤ ᠬᠡᠷᠡᠭᠲᠡᠢ᠃ ᠲᠠᠷᠢᠶᠠᠯᠠᠩ ᠰᠣᠶᠣᠯ

ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ

ᠴᠢᠩᠭᠠᠳᠬᠠᠬᠤ᠂ ᠬᠤᠳᠠ ᠶᠢᠨ ᠠᠷᠠᠳ ᠤᠨ ᠪᠣᠯᠪᠠᠰᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂

ᠠᠵᠢᠯ ᠢᠶᠠᠨ ᠨᠡᠩ ᠨᠠᠷᠢᠯᠢᠭ᠂ ᠨᠡᠩ ᠭᠦᠨᠵᠡᠭᠡᠢ ᠬᠢᠵᠦ᠂ ᠬᠤᠳᠠ ᠶᠢᠨ ᠳᠦᠷᠢ ᠲᠥᠷᠬᠦ ᠪᠣᠯᠣᠨ ᠢᠷᠠᠭᠤ ᠠᠯᠳᠠᠷ ᠤᠨ

ᠬᠡᠮᠵᠢᠶ᠎ᠡ ᠪᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃

     ᠮᠢᠩ ᠤᠯᠤᠰ ᠤᠨ ᠤᠷᠳᠤ ᠴᠠᠭᠠᠨ ᠬᠡᠷᠡᠮ ᠤᠨ ᠡᠯ ᠳ᠋ᠣᠣ ᠺᠠᠨ ᠳᠠᠬᠢ ᠴᠤᠩᠵᠢ ᠳᠤ᠂ ᠲᠠᠩ ᠢ ᠬᠡᠯᠡᠭᠰᠡᠨ ᠨᠢ᠂

ᠳᠥᠷᠪᠡᠳᠦᠭᠡᠷ ᠣᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ

ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠮᠠᠨ ᠤ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ

ᠪᠠᠶᠠᠯᠢᠭ ᠢ ᠪᠦᠬᠦ ᠲᠠᠯ᠎ᠠ ᠪᠠᠷ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ ᠶᠢᠨ ᠦᠨ᠎ᠡ ᠦᠷᠳᠡᠭ᠂

ᠬᠠᠮᠠᠭᠠᠯᠠᠯᠲᠠ ᠶᠢᠨ ᠦᠨ᠎ᠡ ᠦᠷᠳᠡᠭ ᠪᠣᠯᠣᠨ ᠵᠢᠭᠤᠯᠴᠢᠯᠠᠯ ᠤᠨ ᠦᠨ᠎ᠡ ᠦᠷᠳᠡᠭ ᠢ ᠰᠢᠨᠵᠢᠯᠡᠬᠦ ᠤᠬᠠᠭᠠᠨᠴᠢ ᠪᠠᠷ

ᠨᠤᠲᠠᠯᠠᠵᠤ᠂ ᠨᠡᠩ ᠣᠨᠣᠪᠴᠢᠲᠠᠢ ᠲᠡᠰ ᠬᠤᠪᠢᠶᠠᠨ ᠲᠡᠰ ᠲᠣᠭᠲᠠᠭᠠᠨ ᠬᠠᠮᠠᠭᠠᠯᠠᠬᠤ ᠶᠢ ᠬᠡᠷᠡᠭᠵᠢᠭᠦᠯᠵᠦ᠂ ᠲᠡᠦᠬᠡ ᠶᠢᠨ

ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ

ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号