2023 ᠣᠨ ᠤ ᠪᠥᠬᠦ ᠬᠤᠲᠠ ᠶᠢᠨ ︽ᠬᠠᠮᠤᠭ ᠤᠨ ᠭᠤᠶᠣ ᠰᠢᠷᠢᠰ ᠨᠡᠷᠡᠰ︾ ᠢ ᠨᠡᠶᠢᠲᠡᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26 ᠤ ᠡᠳᠦᠷ᠂ ︽ᠠᠯᠳᠠᠷᠰᠢᠭᠰᠠᠨ ᠨᠡᠷ᠎ᠡ︾ 2023 ᠣᠨ ᠤ ᠪᠥᠬᠦ ᠬᠤᠲᠠ ᠶᠢᠨ ︽ᠬᠠᠮᠤᠭ ᠤᠨ ᠭᠤᠶᠣ ᠰᠢᠷᠢᠰ ᠨᠡᠷᠡᠰ︾ ᠢ ᠨᠡᠶᠢᠲᠡᠯᠡᠬᠦ ᠶᠣᠰᠣᠯᠠᠯ ᠶᠠᠪᠤᠭᠳᠠᠪᠠ᠃ ᠬᠤᠳᠠ ᠶᠢᠨ ᠤᠳᠤᠷᠢᠳᠤᠯᠭ᠎ᠠ ᠿᠣᠣ ᠴᠥᠩ ᠱᠣ᠋᠂ ᠪᠠᠢ ᠬᠠᠢ ᠿᠦᠩ᠂ ᠵᠠᠩ ᠸᠧᠢ᠂ ᠦ᠋ ᠶᠧ ᠸᠧᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃      ᠨᠡᠶᠢᠲᠡᠯᠡᠬᠦ ᠶᠣᠰᠣᠯᠠᠯ ᠳᠡᠭᠡᠷ᠎ᠡ᠂ 2023 ᠣᠨ ᠤ ᠦᠬᠠᠢ ᠬᠤᠲᠠ ᠶᠢᠨ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠤᠨ ᠨᠡᠷᠡᠰ ᠤᠨ ᠵᠢᠭᠰᠠᠭᠠᠯᠲᠠ᠂ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠬᠦᠮᠦᠰ︾ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠪᠦᠲᠦᠭᠡᠨ ᠪᠠᠶᠢᠭᠤᠯᠬᠤ ᠳᠤ ᠣᠷᠣᠯᠴᠠᠭᠰᠠᠨ ︽ᠵᠢᠱᠢᠶᠡᠴᠢ ᠬᠤᠪᠢ ᠬᠥᠮᠥᠨ︾ ︽ᠲᠡᠷᠢᠭᠦᠨ ᠤ ᠨᠢᠭᠡᠴᠡ︾ ᠶᠢᠨ ᠨᠡᠷᠡᠰ ᠤᠨ ᠵᠢᠭᠰᠠᠭᠠᠯᠲᠠ᠂ ︽ᠬᠠᠮᠤᠭ ᠤᠨ ᠭᠤᠶᠤ ᠴᠡᠷᠢᠭ ᠡᠷ᠎ᠡ ᠶᠢᠨ ᠭᠡᠷᠭᠡᠢ︾ ᠶᠢᠨ ᠨᠡᠷᠡᠰ ᠤᠨ ᠵᠢᠭᠰᠠᠭᠠᠯᠲᠠ ᠶᠢ ᠲᠤᠰ ᠲᠤᠰ ᠨᠡᠶᠢᠳᠡᠯᠡᠪᠡ᠃ ᠡᠭᠦᠨ ᠤ ᠬᠠᠮᠲᠤ ᠬᠦᠨᠳᠦᠳᠬᠡᠯ ᠤᠨ ᠦᠭᠡ ᠤᠩᠰᠢᠬᠤ᠂ ᠦᠨᠡᠮᠯᠡᠯ ᠣᠯᠭᠤᠬᠤ᠂ ᠲᠥᠯᠥᠭᠡᠯᠡᠭᠴᠢᠳ ᠤᠨ ᠰᠣᠷᠪᠤᠯᠵᠢᠯᠠᠭ᠎ᠠ ᠪᠠ ᠤᠷᠠᠨ ᠰᠠᠶᠢᠬᠠᠨ ᠤ ᠲᠣᠭᠯᠠᠯᠲᠠ ᠭᠠᠷᠭᠠᠬᠤ ᠪᠠᠷ ᠳᠠᠮᠵᠢᠭᠤᠯᠤᠨ᠂ ᠮᠠᠨ ᠤ ᠬᠤᠲᠠ ᠶᠢᠨ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠪᠠ ᠬᠤᠶᠠᠷ ᠢ ᠬᠦᠷᠢᠶᠡᠯᠡᠬᠦ ᠠᠵᠢᠯ ᠤᠨ ᠳᠤᠮᠳᠠᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠴᠤᠭ ᠵᠢᠪᠬᠤᠭ᠎ᠠ ᠪᠠ ᠬᠥᠮᠥᠰ ᠤᠨ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠰᠢ ᠶᠢᠨ ᠫᠢᠩ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠴᠡᠷᠢᠭ ᠠᠷᠠᠳ ᠤᠨ ︽ᠬᠤᠯᠪᠣᠯᠳᠤᠭᠰᠠᠨ ᠬᠥᠭᠦᠷᠭᠡ︾ ᠶᠢ ᠪᠠᠶᠢᠭᠤᠯᠵᠤ᠂ ᠵᠠᠯᠭᠠᠪᠡᠷ ᠬᠤᠶᠠᠷ ᠤᠳᠠᠭ᠎ᠠ ︽ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ︾ ᠶᠢᠨ ᠢᠷᠠᠭᠤ ᠠᠯᠳᠠᠷ ᠢ ᠬᠦᠷᠲᠡᠵᠦ᠂ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ︾ ᠶᠢᠨ ᠢᠷᠠᠭᠤ ᠠᠯᠳᠠᠷ ᠤᠨ ᠴᠣᠯᠠ ᠶᠢ ᠨᠠᠢᠮᠠ ᠤᠳᠠᠭ᠎ᠠ ᠬᠦᠷᠲᠡᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ︽ᠦᠬᠠᠢ ᠶᠢᠨ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号